ᠮᠣᠩᠭᠤᠯ ᠤᠯᠤᠰ ᠤᠨ ᠭᠠᠳᠠᠭᠠᠳᠤ ᠬᠠᠷᠢᠯᠴᠠᠭᠠᠨ ᠤ ᠰᠠᠶᠢᠳ ᠪ∙ᠪᠠᠲᠤᠴᠡᠴᠡᠭ ᠪᠦᠬᠦᠳᠠ ᠨᠠᠶᠢᠷᠠᠮᠳᠠᠬᠤ ᠺᠦᠪᠠ ᠤᠯᠤᠰ ᠠᠴᠠ ᠮᠣᠩᠭᠤᠯ ᠤᠯᠤᠰ ᠲᠤ ᠰᠠᠭᠤᠭ᠎ᠠ ᠡᠯᠴᠢᠨ ᠰᠠᠶᠢᠳ ᠾᠤᠷᠾᠧ ᠫᠤᠳ᠋ᠷᠢᠭᠧᠰ ᠢ ᠬᠦᠯᠢᠶᠡᠨ ᠠᠪᠴᠤ ᠠᠭᠤᠯᠵᠠᠪᠠ᠃ ᠲᠡᠷᠡ ᠺᠦᠪᠠ ᠤᠯᠤᠰ ᠬᠥᠭᠵᠢᠵᠦ ᠪᠤᠶ ᠣᠷᠣᠨ ᠨᠤᠭᠤᠳ ᠤᠨ︽77 ᠶᠢᠨ ᠪᠦᠯᠦᠭ︾ ᠢ 2023 ᠣᠨ ᠳᠤ ᠳᠠᠷᠤᠭᠠᠯᠠᠵᠤ ᠪᠤᠢ ᠳᠤ ᠪᠡᠶᠡᠷ ᠬᠦᠷᠭᠡᠭᠡᠳ ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠬᠦᠷᠢᠶᠡᠨ ᠤ ᠶᠠᠷᠢᠶ᠎ᠠ ᠬᠡᠯᠡᠯᠴᠡᠭᠡᠨ ᠳᠤ ᠬᠥᠭᠵᠢᠵᠦ ᠪᠤᠶ ᠣᠷᠣᠨ ᠨᠤᠭᠤᠳ ᠤᠨ ᠠᠰᠢᠭ ᠰᠣᠨᠢᠷᠬᠠᠯ ᠢ ᠲᠤᠤᠱᠲᠠᠢ ᠬᠠᠮᠠᠭᠠᠯᠠᠬᠤ ᠠᠵᠢᠯ ᠳᠤ ᠨᠢ ᠠᠮᠵᠢᠯᠲᠠ ᠬᠦᠰᠡᠪᠡ᠃
ᠡᠯᠴᠢᠨ ᠰᠠᠶᠢᠳ ᠾᠤᠷᠾᠧ ᠫᠤᠳ᠋ᠷᠢᠭᠧᠰ ᠬᠠᠸᠠᠨᠠ ᠬᠤᠲᠠᠨ᠎ᠠ 2023 ᠣᠨ ᠤ ᠨᠢᠭᠡᠳᠦᠭᠡᠷ ᠰᠠᠷ᠎ᠠ ᠶᠢᠨ 30 ᠠᠴᠠ ᠬᠤᠶᠠᠳᠤᠭᠠᠷ ᠰᠠᠷ᠎ᠠ ᠶᠢᠨ 3 ᠤ ᠡᠳᠦᠷ ᠤᠳ ᠲᠤ ᠪᠣᠯᠬᠤ︽Pedagogy 2023︾ᠣᠯᠠᠨ ᠤᠯᠤᠰ ᠤᠨ ᠠᠷᠭ᠎ᠠ ᠬᠡᠮᠵᠢᠶᠡᠨ ᠳᠤ ᠮᠣᠩᠭᠤᠯ ᠤᠯᠤᠰ ᠠᠴᠠ ᠪᠤᠯᠪᠠᠰᠤᠷᠠᠯ ᠰᠢᠨᠵᠢᠯᠡᠬᠦ ᠤᠬᠠᠭᠠᠨ ᠤ ᠶᠠᠮᠤᠨ ᠤ ᠳᠡᠳ᠋ ᠰᠠᠶᠢᠳ ᠬ᠋᠊ ·ᠭᠠᠩᠪᠠᠶᠠᠷ ᠲᠡᠷᠢᠭᠦᠲᠡᠢ ᠲᠥᠯᠦᠭᠡᠯᠡᠭᠴᠢᠳ ᠤᠷᠦᠯᠴᠡᠬᠤ ᠪᠣᠯᠣᠭᠰᠠᠨ ᠳᠤ ᠲᠠᠯᠠᠷᠬᠠᠯ ᠢᠯᠡᠷᠬᠡᠶᠢᠯᠡᠵᠦ᠂ ᠺᠦᠪᠠ ᠤᠯᠤᠰ ᠤᠨ ᠭᠠᠳᠠᠭᠠᠳᠤ ᠬᠠᠷᠢᠯᠴᠠᠭᠠᠨ ᠤ ᠰᠠᠶᠢᠳ ᠪᠷᠤᠨᠤ᠋ ᠫᠤᠳ᠋ᠷᠢᠭᠧᠰ ᠫᠠᠷᠢᠶᠠ ᠶᠢᠨ ᠮᠡᠨᠳᠦ ᠶᠢ ᠤᠯᠠᠮᠵᠢᠯᠠᠵᠤ᠂ ᠵᠡᠬᠢᠳᠡᠯ ᠭᠠᠷᠳᠠᠭᠤᠯᠪᠠ᠃