ᠰᠠᠩ ᠤᠨ ᠰᠠᠶᠢᠳ ᠪ᠊∙ᠵᠢᠪᠬᠤᠯᠠᠩ ᠠᠦ᠋ᠰᠲᠷᠠᠯᠢᠶ᠎ᠠ ᠤᠯᠤᠰ ᠤᠨ ᠡᠯᠴᠢᠨ ᠰᠠᠶᠢᠳ ᠺᠧᠢᠲ᠋ᠢ ᠰᠮᠢᠲ ᠬᠤᠶᠠᠷ ᠠᠭᠤᠯᠵᠠᠵᠤ᠂ ᠬᠥᠭᠵᠢᠯ ᠤᠨ ᠬᠠᠮᠲᠤ ᠶᠢᠨ ᠠᠵᠢᠯᠯᠠᠭᠠᠨ ᠤ ᠬᠦᠷᠢᠶᠡᠨ ᠳᠤ ᠬᠢᠭᠳᠡᠵᠦ ᠪᠤᠶ ᠬᠥᠲᠥᠯᠪᠦᠷᠢ ᠨᠤᠭᠦᠳ ᠠᠴᠠ ᠲᠡᠷᠡᠭᠠᠬᠢ ᠬᠡᠳᠦᠨ ᠵᠦᠢᠯ ᠢ ᠣᠨᠴᠠᠯᠠᠨ ᠶᠠᠷᠢᠯᠴᠠᠯ᠎ᠠ᠃
ᠠᠦ᠋ᠰᠲᠷᠠᠯᠢᠶ᠎ᠠ ᠶᠢᠨ ᠵᠠᠰᠠᠭ ᠤᠨ ᠭᠠᠵᠠᠷ ᠤᠨ ᠲᠡᠳᠬᠦᠯᠭᠡᠲᠤ ᠬᠥᠲᠥᠯᠪᠦᠷᠢ ᠶᠢᠨ ᠦᠷᠭᠦᠯᠵᠢᠯᠡᠬᠦ ᠬᠤᠭᠤᠴᠠᠭ᠎ᠠ ᠶᠢ ᠰᠤᠩᠭᠠᠵᠤ᠂ ᠣᠶᠤᠲᠠᠨ ᠤ ᠲᠤᠭ᠎ᠠ ᠶᠢ ᠨᠡᠮᠡᠭᠳᠡᠭᠦᠯᠬᠦ ᠶᠢ ᠬᠦᠰᠡᠭᠰᠡᠨ᠃ ᠠᠦ᠋ᠰᠲᠷᠠᠯᠢᠶ᠎ᠠ ᠤᠯᠤᠰ ᠤᠨ ᠲᠠᠯ᠎ᠠ ᠠᠴᠠ ᠡᠨᠡ ᠲᠡᠯ᠎ᠠ ᠳᠡᠭᠡᠷ᠎ᠡ ᠠᠩᠬᠠᠷᠴᠤ ᠳᠡᠮᠵᠢᠵᠦ ᠠᠵᠢᠯᠯᠠᠬᠤ ᠪᠠᠨ ᠢᠯᠡᠷᠬᠡᠶᠢᠯᠡᠭᠰᠡᠨ᠃
ᠡᠷᠦᠳᠡᠰᠦ ᠪᠠᠶᠠᠯᠢᠭ ᠤᠨ ᠰᠠᠯᠪᠤᠷᠢ ᠶᠢᠨ ᠬᠠᠮᠲᠤ ᠶᠢᠨ ᠠᠵᠢᠯᠯᠠᠭᠠᠨ ᠤ ᠬᠥᠲᠥᠯᠪᠦᠷᠢ︵AMEP︶ᠲᠥᠰᠥᠯ ᠤᠨ ᠬᠤᠶᠠᠳᠤᠭᠠᠷ ᠱᠠᠲᠤ ᠠᠮᠵᠢᠯᠲᠠᠲᠠᠶ ᠬᠡᠷᠡᠭᠵᠢᠵᠦ ᠡᠨᠡ ᠣᠨ ᠤ ᠵᠢᠷᠭᠤᠳᠤᠭᠠᠷ ᠰᠠᠷ᠎ᠠ ᠳᠤ ᠳᠠᠭᠤᠰᠬᠤ ᠲᠠᠢ ᠬᠤᠯᠪᠤᠭᠳᠠᠭᠤᠯᠤᠨ ᠬᠤᠶᠠᠷ ᠲᠡᠯ᠎ᠠ ᠶᠠᠷᠢᠯᠴᠠᠵᠤ ᠡᠨᠡ ᠲᠤᠬᠠᠢ ᠰᠠᠨᠠᠯ ᠰᠣᠯᠢᠯᠴᠠᠭᠰᠠᠨ᠃
ᠷᠢᠤ᠋ ᠲᠢᠨᠲ᠋ᠤ᠋ ᠭᠷᠦ᠋ᠫ ᠤᠨ ᠤᠭ᠍ᠶᠤᠲᠤᠯᠤᠭᠠᠢ ᠲᠥᠰᠥᠯ ᠤᠨ ᠬᠡᠷᠡᠭᠵᠢᠯᠲᠡ ᠲᠠᠢ ᠬᠤᠯᠪᠣᠭ᠎ᠠ ᠲᠠᠢ ᠬᠤᠶᠠᠷ ᠤᠯᠤᠰ ᠤᠨ ᠬᠤᠭᠤᠷᠤᠨᠳᠤ ᠶᠢᠨ ᠬᠥᠭᠵᠢᠯ ᠤᠨ ᠬᠠᠮᠲᠤ ᠶᠢᠨ ᠠᠵᠢᠯᠯᠠᠭ᠎ᠠ ᠶᠢ ᠪᠠᠬᠢᠵᠢᠭᠦᠯᠬᠦ ᠲᠡᠯ᠎ᠠ ᠳᠡᠭᠡᠷ᠎ᠡ ᠠᠩᠬᠠᠷᠤᠯ ᠬᠠᠨᠳᠤᠭᠤᠯᠬᠤ ᠶᠢ ᠰᠠᠩ ᠤᠨ ᠰᠠᠶᠢᠳ ᠤᠨᠴᠠᠭᠠᠢᠯᠠᠨ ᠬᠦᠰᠡᠭᠰᠡᠨ᠃
ᠠᠦ᠋ᠰᠲᠷᠠᠯᠢᠶ᠎ᠠ ᠤᠯᠤᠰ ᠠᠴᠠ ᠮᠣᠩᠭᠤᠯ ᠤᠯᠤᠰ ᠲᠤ ᠰᠠᠶᠢᠨ ᠳᠤᠷ᠎ᠠ ᠶᠢᠨ ᠬᠥᠲᠥᠯᠪᠦᠷᠢ ᠪᠠᠷ ᠢᠷᠠᠵᠤ ᠠᠵᠢᠯᠯᠠᠵᠤ ᠪᠤᠶ ᠠᠦ᠋ᠰᠲᠷᠠᠯᠢᠶ᠎ᠠ ᠢᠷᠭᠡᠳ ᠤᠨ ᠲᠤᠭ᠎ᠠ ᠶᠢ ᠴᠢᠨᠠᠭᠰᠢᠳᠠ ᠨᠡᠮᠡᠭᠳᠡᠭᠦᠯᠬᠦ ᠲᠤᠬᠠᠶ ᠮᠦᠠ ᠶᠠᠷᠢᠯᠴᠠᠪᠠ᠃