︽ᠮᠣᠩᠭᠣᠯ ᠤᠨ ᠲᠡᠮᠦᠷ ᠵᠡᠮ︾ᠻᠣᠮᠫᠠᠨᠢ ᠨᠢ ᠡᠨᠡ ᠣᠨ ᠳᠤ ᠠᠴᠢᠶ᠎ᠠ ᠲᠡᠭᠡᠭᠡᠪᠤᠷᠢᠯᠡᠯᠲᠡ ᠪᠠᠨ 5 ᠰᠠᠶ᠎ᠠ ᠲᠤᠨ ᠳᠤ ᠬᠦᠷᠭᠡᠬᠦ ᠲᠥᠯᠥᠪᠯᠡᠭᠡ ᠲᠠᠢ ᠪᠠᠶᠢᠨ᠎ᠡ᠃ ᠲᠤᠰ ᠺᠣᠮᠫᠠᠨᠢ ᠶᠢᠨ ᠲᠠᠪᠤᠨᠲᠣᠯᠣᠭᠠᠢ ᠵᠡᠭᠦᠨ ᠪᠠᠶᠠᠨ ᠴᠢᠭᠯᠡᠯ ᠤᠨ ᠲᠡᠮᠦᠷ ᠵᠠᠮ ᠤᠨ ᠲᠤᠷᠰᠢᠯᠲᠠ ᠶᠢᠨ ᠲᠡᠭᠡᠭᠡᠪᠦᠷᠢ ᠦᠡᠭᠭᠡᠷᠡᠭᠰᠡᠠ ᠣᠨ ᠤ 3 ᠳ᠋ᠤᠭᠠᠷ ᠰᠠᠷ᠎ᠠ ᠠᠴᠠ ᠡᠬᠢᠯᠡᠨ ᠬᠡᠪ ᠤᠨ ᠦᠷᠭᠦᠯᠵᠢᠯᠡᠵᠦ ᠪᠠᠶᠢᠨ᠎ᠡ᠃ ᠨᠢᠭᠡᠳᠦᠭᠡᠷ ᠰᠠᠷ᠎ᠠ ᠶᠢᠨ 30 ᠤ ᠪᠠᠶᠢᠳᠠᠯ ᠢᠶᠠᠷ ᠡᠨᠡ ᠲᠡᠮᠦᠷ ᠵᠠᠮ ᠢᠶᠠᠷ︽ᠲᠠᠪᠤᠨᠲᠣᠯᠣᠭᠠᠢ ᠲᠦᠯᠡᠰᠢ︾ᠺᠤᠮᠫᠠᠨᠢ ᠶᠢᠨ 36.4 ᠮᠢᠩᠭᠠᠨ ᠲᠣᠨ ᠰᠠᠶᠢᠵᠢᠷᠠᠭᠤᠯᠤᠭᠰᠠᠨ ᠰᠢᠬᠠᠮᠠᠯ ᠲᠦᠯᠡᠰᠢ ᠶᠢᠨ ᠲᠦᠭᠦᠬᠡᠢ ᠡᠳ᠋ ᠢ ᠲᠡᠭᠡᠭᠡᠪᠤᠷᠢᠯᠡᠵᠡᠢ᠃
︽ᠮᠣᠩᠭᠣᠯ ᠤᠨ ᠲᠡᠮᠦᠷ ᠵᠡᠮ ︾ᠺᠤᠮᠫᠠᠨᠢ ᠶᠢᠨ ᠭᠦᠢᠴᠡᠳᠬᠡᠬᠦ ᠵᠠᠬᠢᠷᠤᠯ ᠫ᠊ · ᠭᠠᠩᠬᠦᠦ᠄ ᠲᠠᠪᠤᠨᠲᠣᠯᠣᠭᠠᠢ ᠵᠡᠭᠦᠨ ᠪᠠᠶᠠᠨ ᠴᠢᠭᠯᠡᠯ ᠤᠨ ᠲᠡᠮᠦᠷ ᠵᠠᠮ ᠤᠨ ᠳᠣᠬᠢᠶᠠᠯᠠᠯ᠂ ᠲᠥᠪᠯᠡᠷᠡᠭᠦᠯᠦᠯᠲᠡ᠂ ᠬᠤᠯᠪᠤᠭᠠᠨ ᠤ ᠪᠠᠶᠢᠭᠤᠯᠤᠮᠵᠢ ᠶᠢᠨ ᠪᠠᠷᠢᠯᠭ᠎ᠠ ᠤᠭᠰᠠᠷᠠᠯᠲᠠ ᠶᠢ ᠳᠠᠭᠤᠰᠬᠠᠵᠤ᠂ ᠭᠠᠯᠲᠤ ᠲᠡᠷᠭᠡᠨ ᠤ ᠬᠥᠳᠡᠯᠭᠡᠭᠡᠨ ᠤ ᠠᠶᠤᠯᠭᠦᠢ ᠪᠠᠶᠢᠳᠠᠯ ᠢ ᠬᠠᠩᠭᠠᠬᠤ ᠪᠣᠯᠣᠮᠵᠢ ᠲᠠᠢ ᠪᠣᠯᠵᠤ᠂ ᠲᠧᠭᠨᠢᠭ ᠤᠨ ᠺᠣᠮᠢᠰ ᠠᠴᠠ ᠥᠭᠭᠦᠭᠰᠡᠨ ᠡᠭᠦᠷᠭᠡ ᠳᠠᠭᠠᠭᠠᠯᠭᠠᠪᠤᠷᠢ ᠶᠢ ᠪᠣᠭᠤᠨᠢ ᠬᠤᠭᠤᠴᠠᠭᠠᠨ ᠳᠤ ᠭᠦᠢᠴᠡᠳᠬᠡᠨ ᠤᠯᠤᠰ ᠤᠨ ᠺᠣᠮᠢᠰ ᠲᠤ ᠬᠦᠯᠢᠶᠡᠯᠭᠡᠨ ᠥᠭᠬᠦ ᠪᠠᠷ ᠠᠵᠢᠯᠯᠠᠵᠤ ᠪᠠᠶᠢᠨ᠎ᠡ ᠬᠡᠮᠡᠪᠡ᠃