ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ 02 ᠰᠠᠷ᠎ᠠ ᠶᠢᠨ 13 ᠳᠦ ᠠᠷᠠᠳᠴᠢᠯᠠᠭᠰᠠᠨ ᠨᠠᠮ ᠤᠨ ᠳᠠᠷᠤᠭ᠎ᠠ ᠯ ∙ ᠭᠠᠩᠲᠡᠮᠦᠷ᠂ ᠤᠯᠤᠰ ᠤᠨ ᠶᠡᠬᠡ ᠬᠤᠷᠠᠯ ᠳ᠋ᠡᠬᠢ ᠠᠷᠠᠳᠴᠢᠯᠠᠭᠰᠠᠨ ᠨᠠᠮ ᠤᠨ ᠪᠦᠯᠦᠭ ᠦᠨ ᠳᠠᠷᠤᠭ᠎ᠠ ᠣ᠊∙ᠴᠤᠭᠲᠤᠭᠡᠷᠡᠯ᠂ ᠤᠯᠤᠰ ᠤᠨ ᠶᠡᠬᠡ ᠬᠤᠷᠠᠯ ᠤᠨ ᠳᠡᠳ᠋ ᠳᠠᠷᠤᠭ᠎ᠠ ᠰ∙ᠣᠳᠣᠨᠲᠤᠶᠠᠭ᠎ᠠ ᠪᠣᠯᠤᠨ ᠤᠯᠤᠰ ᠤᠨ ᠶᠡᠬᠡ ᠬᠤᠷᠠᠯ ᠤᠨ ᠭᠡᠰᠢᠭᠦᠨ ᠵ∙ ᠪᠠᠲᠤᠰᠠᠭᠤᠷᠢ ᠨᠠᠷ ᠢ ᠬᠦᠯᠢᠶᠡᠨ ᠠᠪᠴᠤ ᠠᠭᠤᠯᠵᠠᠯ᠎ᠠ᠃
ᠠᠭᠤᠯᠵᠠᠯᠲᠠ ᠶᠢᠨ ᠡᠬᠢᠨ ᠳᠦ ᠤᠯᠤᠰ ᠤᠨ ᠶᠡᠬᠡ ᠬᠤᠷᠠᠯ ᠤᠨ ᠳᠠᠷᠤᠭ᠎ᠠ᠂ ᠫᠠᠷᠯᠠᠮᠧᠨᠲ ᠤᠨ ᠠᠷᠠᠳᠴᠢᠯᠠᠯ ᠳᠤ ᠴᠥᠭᠡᠩᠬᠢ ᠶᠢᠨ ᠬᠢᠨᠠᠯᠲᠠ᠂ ᠪᠦᠲᠦᠭᠡᠯᠴᠢ ᠣᠷᠣᠯᠴᠠᠭ᠎ᠠ ᠴᠢᠬᠤᠯᠠ ᠭᠡᠳᠡᠭ ᠢ ᠣᠨᠴᠠᠯᠠᠭᠠᠳ ᠠᠷᠠᠳᠴᠢᠯᠠᠭᠰᠠᠨ ᠨᠠᠮ ᠤᠨ ᠳᠠᠷᠤᠭ᠎ᠠ ᠪᠠᠷ ᠰᠣᠩᠭᠣᠭᠳᠠᠵᠤ᠂ ᠮᠣᠩᠭᠣᠯ ᠤᠯᠤᠰ ᠤᠨ ᠳᠡᠭᠡᠳᠦ ᠰᠢᠭᠦᠬᠦ ᠶᠢᠨ ᠨᠡᠶᠢᠲᠡ ᠰᠢᠭᠦᠭᠴᠢᠳ ᠦᠨ ᠬᠤᠷᠠᠯᠳᠤᠭᠠᠨ ᠠᠴᠠ ᠠᠷᠠᠳᠴᠢᠯᠠᠭᠰᠠᠨ ᠨᠠᠮ ᠤᠨ ᠳᠠᠷᠤᠭ᠎ᠠ ᠪᠠᠷ ᠪᠦᠷᠢᠳᠬᠡᠭᠳᠡᠭᠰᠡᠨ ᠯ∙ ᠭᠠᠩᠲᠡᠮᠦᠷ ᠲᠤ ᠠᠵᠢᠯ ᠤᠨ ᠠᠮᠵᠢᠯᠲᠠ ᠬᠦᠰᠡᠭᠰᠡᠨ ᠪᠠᠶᠢᠨ᠎ᠠ᠃