ᠭᠠᠳᠠᠭᠠᠳᠤ ᠬᠠᠷᠢᠯᠴᠠᠭᠠᠨ ᠤ ᠶᠠᠮᠤᠨ ᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠨ∙ᠠᠩᠬᠠᠪᠠᠶᠠᠷ ᠮᠣᠩᠭᠣᠯ ᠤᠯᠤᠰ ᠲᠤ ᠠᠵᠢᠯ ᠤᠨ ᠠᠶᠢᠯᠴᠢᠯᠠᠯ ᠬᠢᠵᠦ ᠪᠠᠶᠢᠭ᠎ᠠ ᠧᠦ᠋ᠷᠣᠫᠠ ᠶᠢᠨ ᠠᠶᠤᠯᠭᠦᠢ ᠪᠠᠶᠢᠳᠠᠯ᠂ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ ᠶᠢᠨ ᠡᠳ᠋ ᠦᠨ ᠵᠠᠰᠠᠭ᠂ ᠬᠦᠷᠢᠶᠡᠯᠡᠨ ᠪᠤᠢ ᠣᠷᠴᠢᠨ ᠤ ᠠᠰᠠᠭᠤᠳᠠᠯ ᠡᠷᠬᠢᠯᠡᠭᠰᠡᠨ ᠵᠣᠬᠢᠴᠠᠭᠤᠯᠤᠭᠴᠢ ᠢᠭᠯᠢ ᠬᠠᠰᠠᠨ ᠢ ᠥᠨᠥᠳᠥᠷ ᠬᠦᠯᠢᠶᠡᠨ ᠠᠪᠴᠤ ᠠᠭᠤᠯᠵᠠᠪᠠ᠃
ᠠᠭᠤᠯᠵᠠᠯᠲᠠ ᠶᠢᠨ ᠦᠶ᠎ᠡ ᠪᠡᠷ ᠮᠠᠨ ᠤ ᠤᠯᠤᠰ ᠲᠤ ᠠᠪᠯᠢᠭ᠎ᠠ ᠶᠢᠨ ᠡᠰᠡᠷᠭᠦ ᠰᠠᠶᠢᠨ ᠵᠠᠰᠠᠭᠯᠠᠯ ᠢ ᠬᠥᠭᠵᠢᠭᠦᠯᠬᠦ᠂ ᠡᠷᠴᠢᠮ ᠬᠦᠴᠦᠨ ᠦ ᠠᠶᠤᠯᠭᠦᠢ ᠪᠠᠶᠢᠳᠠᠯ᠂ ᠣᠶᠢᠵᠢᠭᠤᠯᠤᠯᠲᠠ ᠶᠢᠨ ᠠᠰᠠᠭᠤᠳᠠᠯ ᠢᠶᠠᠷ ᠬᠠᠮᠲᠤᠷᠠᠭᠰᠠᠨ ᠲᠥᠰᠥᠯ ᠬᠥᠲᠥᠯᠪᠦᠷᠢ ᠬᠡᠷᠡᠭᠵᠢᠭᠦᠯᠬᠦ ᠪᠣᠯᠤᠮᠵᠢ ᠶᠢᠨ ᠲᠠᠯ᠎ᠠ ᠪᠠᠷ ᠰᠠᠨᠠᠯ ᠰᠣᠯᠢᠯᠴᠠᠯ᠎ᠠ᠃ ᠮᠣᠩᠭᠣᠯ ᠤᠯᠤᠰ ᠨᠢ ᠧᠦ᠋ᠷᠣᠫᠠ ᠶᠢᠨ ᠠᠶᠤᠯᠭᠦᠢ ᠪᠠᠶᠢᠳᠠᠯ᠂ ᠬᠠᠮᠲᠤ ᠶᠢᠨ ᠠᠵᠢᠯᠯᠠᠭᠠᠨ ᠤ ᠵᠥᠪᠯᠡᠯᠭᠡᠨ ᠤ ᠪᠦᠷᠢᠨ ᠡᠷᠬᠡᠲᠦ ᠭᠡᠰᠢᠭᠦᠨ ᠢᠶᠡᠷ 2012 ᠣᠨ ᠳᠤ ᠡᠯᠰᠡᠭᠰᠡᠨ ᠶᠤᠮ᠃