ᠮᠣᠩᠭᠣᠯ ᠤᠯᠤᠰ ᠤᠨ ᠶᠡᠷᠦᠩᠬᠡᠢ ᠰᠠᠶᠢᠳ ᠯ ∙ ᠤᠶᠤᠡᠡᠷᠳᠡᠨᠢ ᠪᠦᠭᠦᠳᠡ ᠨᠠᠶᠢᠷᠠᠮᠳᠠᠬᠤ ᠰᠣᠯᠣᠩᠭᠣᠰ ᠤᠯᠤᠰ ᠤᠨ ᠶᠡᠷᠦᠩᠬᠡᠢ ᠰᠠᠶᠢᠳ ᠬᠠᠨ ᠳ᠋ᠤᠭ ᠰᠦ ᠶᠢᠨ ᠤᠷᠢᠯᠭ᠎ᠠ ᠪᠠᠷ 2023 ᠣᠨ ᠤ ᠬᠣᠶᠠᠳᠤᠭᠠᠷ ᠰᠠᠷ᠎ᠠ ᠶᠢᠨ 13-17 ᠤ ᠡᠳᠦᠷ ᠦᠳ ᠲᠦ ᠲᠤᠰ ᠤᠯᠤᠰ ᠲᠤ ᠠᠯᠪᠠᠨ ᠶᠣᠰᠣᠨ ᠤ ᠠᠶᠢᠯᠴᠢᠯᠠᠯ ᠬᠢᠬᠦ ᠪᠡᠷ ᠥᠨᠥᠳᠥᠷ ᠮᠣᠷᠳᠠᠪᠠ᠃
ᠠᠶᠢᠯᠴᠢᠯᠠᠯ ᠤᠨ ᠦᠶ᠎ᠡ ᠪᠡᠷ ᠮᠣᠩᠭᠣᠯ ᠤᠯᠤᠰ ᠤᠨ《ᠭᠤᠷᠪᠠᠳᠠᠭᠴᠢ ᠬᠥᠷᠰᠢ》 ᠶᠢᠨ ᠪᠣᠳᠣᠯᠭ᠎ᠠ ᠶᠢᠨ ᠬᠦᠷᠢᠶᠡᠨ ᠳᠦ ᠮᠣᠩᠭᠣᠯ ᠤᠯᠤᠰ᠂ ᠪᠦᠭᠦᠳᠡ ᠨᠠᠶᠢᠷᠠᠮᠳᠠᠬᠤ ᠰᠣᠯᠣᠩᠭᠣᠰ ᠤᠯᠤᠰ ᠤᠨ ᠰᠲᠷᠠᠲ᠋ᠧᠭᠢ ᠶᠢᠨ ᠲᠦᠩᠰᠢᠯᠡᠯ ᠦᠨ ᠬᠠᠷᠢᠯᠴᠠᠭ᠎ᠠ ᠶᠢ ᠤᠯᠠᠮ ᠪᠠᠲᠤᠳᠬᠠᠵᠤ᠂ ᠤᠯᠤᠰ ᠲᠥᠷᠥ ᠶᠢᠨ ᠢᠲᠡᠭᠡᠮᠵᠢᠯᠡᠭᠰᠡᠨ ᠬᠠᠷᠢᠯᠴᠠᠭ᠎ᠠ ᠶᠢ ᠪᠡᠬᠢᠵᠢᠭᠦᠯᠦᠨ ᠬᠠᠮᠲᠤ ᠶᠢᠨ ᠠᠵᠢᠯᠯᠠᠭ᠎ᠠ ᠶᠢ ᠡᠳ᠋ ᠦᠨ ᠵᠠᠰᠠᠭ ᠤᠨ ᠠᠭᠤᠯᠭ᠎ᠠ ᠪᠠᠷ ᠪᠠᠶᠠᠵᠢᠭᠤᠯᠬᠤ᠂ ᠬᠤᠳᠠᠯᠳᠤᠭ᠎ᠠ᠂ ᠬᠥᠷᠥᠩᠭᠡ ᠣᠷᠣᠭᠤᠯᠤᠯᠲᠠ ᠶᠢᠨ ᠬᠡᠮᠵᠢᠶ᠎ᠡ ᠶᠢ ᠦᠯᠡᠮᠵᠢ ᠨᠡᠮᠡᠭᠳᠡᠭᠦᠯᠬᠦ᠂ ᠮᠣᠩᠭᠣᠯ ᠢᠷᠭᠡᠳ ᠦᠨ ᠸᠢᠰᠠ ᠶᠢᠨ ᠨᠥᠬᠥᠴᠡᠯ ᠢ ᠬᠥᠩᠭᠡᠪᠴᠢᠯᠡᠬᠦ᠂ ᠬᠡᠲᠦ ᠳᠦ ᠪᠡᠨ ᠬᠠᠷᠢᠯᠴᠠᠨ ᠸᠢᠰᠠ ᠦᠭᠡᠢ ᠵᠣᠷᠴᠢᠬᠤ ᠴᠢᠭᠯᠡᠯ ᠳᠦ ᠲᠣᠳᠣᠷᠬᠠᠢ ᠲᠣᠬᠢᠷᠠᠯᠴᠠᠭᠠᠨ ᠳᠤ ᠬᠦᠷᠬᠦ ᠪᠣᠯᠤᠨ ᠣᠯᠠᠨ ᠤᠯᠤᠰ᠂ ᠪᠥᠰᠡ ᠨᠤᠲᠤᠭ ᠤᠨ ᠬᠠᠷᠢᠯᠴᠠᠨ ᠰᠣᠨᠢᠷᠬᠠᠭᠰᠠᠨ ᠠᠰᠠᠭᠤᠳᠠᠯ ᠤᠳ ᠢᠶᠠᠷ ᠰᠠᠨᠠᠯ ᠰᠣᠯᠢᠯᠴᠠᠨ᠎ᠠ᠃