ᠮᠣᠩᠭᠣᠯ ᠤᠯᠤᠰ ᠤᠨ ᠶᠡᠷᠦᠩᠬᠡᠶᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨᠳᠠᠯᠠᠭᠴᠢ ᠤᠬᠤᠨ᠎ᠠ ᠶᠢᠨ ᠬᠦᠷᠡᠯᠰᠦ᠋ᠬᠡ ᠤᠯᠤᠰ ᠤᠨ ᠳᠠᠷᠬᠠᠨ ᠬᠢᠯᠢ ᠶᠢ ᠡᠷᠭᠢᠵᠦ᠂ ᠡᠮᠦᠨᠡᠲᠦ ᠬᠢᠯᠢ ᠳᠡᠭᠡᠷ᠎ᠡ ᠡᠭᠦᠷᠭᠡ ᠭᠦᠢᠴᠡᠳᠭᠡᠵᠦ ᠪᠤᠢ ᠬᠢᠯᠢ ᠶᠢᠨ ᠴᠡᠷᠢᠭ ᠦᠨ ᠠᠯᠪᠠ ᠬᠠᠭᠠᠭᠴᠢᠳ ᠲᠠᠢ ᠠᠭᠤᠯᠵᠠᠯ᠎ᠠ᠃
ᠡᠨᠡ ᠨᠢ 2023 ᠣᠨ ᠭᠠᠷᠤᠭᠰᠠᠨ ᠠᠴᠠ ᠬᠣᠶᠢᠰᠢ ᠮᠣᠩᠭᠣᠯ ᠤᠯᠤᠰ ᠤᠨ ᠶᠡᠷᠦᠩᠬᠡᠶᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨᠳᠠᠯᠠᠭᠴᠢ ᠶᠢᠨ ᠴᠡᠷᠢᠭ᠂ ᠳᠠᠶᠢᠴᠢᠳ ᠲᠠᠢ ᠬᠢᠵᠦ ᠪᠤᠢ ᠠᠩᠬᠠᠨ ᠤ ᠠᠭᠤᠯᠵᠠᠯᠲᠠ ᠪᠣᠯᠵᠤ ᠪᠠᠶᠢᠨ᠎ᠠ᠃
ᠠᠭᠤᠯᠵᠠᠯᠲᠠ ᠶᠢᠨ ᠦᠶ᠎ᠡ ᠪᠡᠷ ᠤᠬᠤᠨ᠎ᠠ ᠶᠢᠨ ᠬᠦᠷᠡᠯᠰᠦ᠋ᠬᠡ ᠡᠬᠡ ᠣᠷᠣᠨ ᠤ ᠪᠠᠨ 8252 ᠺᠢᠯᠣᠮᠧᠲ᠋ᠷ ᠤᠷᠲᠤ ᠲᠣᠷᠭᠠᠨ ᠬᠢᠯᠢ ᠶᠢᠨ ᠬᠠᠯᠳᠠᠰᠢ ᠦᠭᠡᠢ ᠳᠠᠷᠬᠠᠨ ᠪᠠᠶᠢᠳᠠᠯ ᠢ ᠨᠢᠳᠦ ᠴᠠᠪᠴᠢᠯ ᠦᠭᠡᠢ᠂ ᠨᠡᠷ᠎ᠡ ᠲᠥᠷᠥ ᠲᠡᠢ ᠬᠠᠮᠠᠭᠠᠯᠠᠵᠤ ᠪᠠᠶᠢᠭ᠎ᠠ ᠬᠢᠯᠢᠴᠢᠨ ᠳᠠᠶᠢᠴᠢᠳ᠂ ᠲᠡᠳᠡᠨ ᠦ ᠠᠷᠤ ᠭᠡᠷ ᠦᠨ ᠬᠢᠨ ᠳᠦ ᠮᠣᠩᠭᠣᠯ ᠲᠥᠷᠥ ᠶᠢᠨ ᠨᠡᠷ᠎ᠡ ᠶᠢᠨ ᠡᠮᠦᠨ᠎ᠡ ᠡᠴᠡ ᠭᠦᠨ ᠲᠠᠯᠠᠷᠬᠠᠯ ᠢᠯᠡᠷᠬᠡᠶᠢᠯᠡᠪᠡ᠃
ᠬᠢᠯᠢ ᠬᠠᠮᠠᠭᠠᠯᠠᠬᠤ ᠠᠯᠪᠠ ᠪᠣᠯ ᠪᠡᠶ᠎ᠡ ᠰᠡᠳᠬᠢᠯ ᠦᠨ ᠶᠡᠬᠡ ᠲᠡᠩᠬᠡᠭᠡ᠂ ᠲᠡᠪᠴᠢᠶᠡᠷᠢ᠂ ᠰᠣᠨᠣᠷ ᠰᠡᠷᠡᠮᠵᠢ᠂ ᠪᠠᠶᠢᠩᠭᠤ ᠶᠢᠨ ᠪᠡᠯᠡᠨ ᠪᠠᠶᠢᠳᠠᠯ ᠢ ᠱᠠᠭᠠᠷᠳᠠᠭᠰᠠᠨ ᠨᠡᠩ ᠬᠠᠷᠢᠭᠤᠴᠠᠯᠭ᠎ᠠ ᠲᠠᠢ ᠠᠯᠪᠠ ᠭᠡᠳᠡᠭ ᠢ ᠴᠣᠬᠣᠨ ᠲᠡᠮᠳᠡᠭᠯᠡᠯ᠎ᠡ᠃ ᠴᠢᠨᠠᠭᠰᠢᠳᠠ ᠤᠯᠤᠰ ᠤᠨ ᠬᠢᠯᠢ ᠬᠠᠮᠠᠭᠠᠯᠠᠯᠲᠠ ᠶᠢᠨ ᠴᠢᠳᠠᠪᠬᠢ ᠶᠢ ᠰᠠᠶᠢᠵᠢᠷᠠᠭᠤᠯᠬᠤ᠂ ᠨᠠᠶᠢᠳᠠᠪᠤᠷᠢᠲᠠᠢ ᠪᠠᠶᠢᠳᠠᠯ ᠢ ᠬᠠᠩᠭᠠᠬᠤ᠂ ᠰᠢᠨᠵᠢᠯᠡᠬᠦ ᠤᠬᠠᠭᠠᠨ᠂ ᠲᠧᠭᠨᠣᠯᠣᠭᠢ ᠶᠢᠨ ᠣᠯᠤᠯᠲᠠ ᠶᠢ ᠨᠡᠪᠲᠡᠷᠡᠭᠦᠯᠬᠦ᠂ ᠬᠢᠯᠢᠴᠢᠳ ᠦᠨ ᠨᠡᠶᠢᠭᠡᠮ᠂ ᠡᠷᠬᠡ ᠵᠦᠢ ᠶᠢᠨ ᠪᠠᠲᠤᠯᠠᠭ᠎ᠠ ᠶᠢ ᠪᠦᠷᠢᠳᠦᠭᠦᠯᠬᠦ ᠳᠦ ᠵᠡᠪᠰᠡᠭᠲᠦ ᠬᠦᠴᠦᠨ ᠦ ᠶᠡᠷᠦᠩᠬᠡᠢ ᠺᠣᠮᠠᠨᠳᠠᠯᠠᠭᠴᠢ ᠶᠢᠨ ᠬᠤᠪᠢ ᠪᠠᠷ ᠪᠦᠬᠦ ᠲᠠᠯ᠎ᠠ ᠶᠢᠨ ᠳᠡᠮᠵᠢᠯᠭᠡ ᠦᠵᠡᠭᠦᠯᠬᠦ ᠪᠣᠯᠤᠨ᠎ᠠ ᠭᠡᠳᠡᠭ ᠢ ᠬᠡᠯᠡᠯ᠎ᠡ᠃