ᠦᠨᠳᠦᠰᠦᠨ ᠦ ᠰᠲ᠋ᠠᠲ᠋ᠢᠰᠲ᠋ᠢᠺ ᠤᠨ ᠬᠣᠷᠢᠶᠠᠨ ᠠᠴᠠ ᠴᠠᠭᠠᠨ ᠰᠠᠷ᠎ᠠ ᠲᠠᠢ ᠬᠤᠯᠪᠤᠭ᠎ᠠ ᠲᠠᠢ ᠬᠡᠷᠡᠭᠯᠡᠭᠡᠨ ᠦ ᠦᠨ᠎ᠡ ᠶᠢᠨ ᠪᠠᠭᠴᠠ ᠶᠢᠨ ᠲᠠᠯ᠎ᠠ ᠪᠠᠷ ᠮᠡᠳᠡᠭᠡᠯᠡᠯ ᠥᠭᠭᠦᠯ᠎ᠡ᠃ ᠮᠣᠩᠭᠣᠯᠴᠤᠳ ᠴᠠᠭᠠᠨ ᠰᠠᠷ᠎ᠠ ᠪᠠᠷ ᠣᠶᠢᠷᠠᠯᠴᠠᠭ᠎ᠠ ᠪᠠᠷ 1.2 ᠶᠡᠬᠡ ᠨᠠᠶᠤᠳ ᠲᠥᠭᠥᠷᠢᠭ ᠵᠠᠷᠤᠴᠠᠭᠤᠯᠳᠠᠭ ᠭᠡᠰᠡᠨ ᠲᠣᠭᠠᠴᠠᠭ᠎ᠠ ᠶᠢ ᠲᠤᠰ ᠬᠣᠷᠢᠶᠠᠨ ᠠᠴᠠ ᠭᠠᠷᠭᠠᠵᠠᠢ᠃
2019 ᠣᠨ ᠳᠤ ᠨᠢᠭᠡ ᠡᠷᠦᠬᠡ 927 ᠮᠢᠩᠭᠠᠨ ᠲᠥᠭᠥᠷᠢᠭ ᠵᠠᠷᠤᠴᠠᠭᠤᠯᠳᠠᠭ ᠪᠠᠶᠢᠭᠰᠠᠨ ᠪᠣᠯ 2020 ᠣᠨ ᠠᠴᠠ ᠬᠣᠶᠢᠰᠢ 1.2 ᠰᠠᠶ᠎ᠠ ᠲᠥᠭᠥᠷᠢᠭ ᠢ ᠵᠠᠷᠤᠴᠠᠭᠤᠯᠳᠠᠭ ᠪᠣᠯᠤᠭᠰᠠᠨ ᠪᠠᠶᠢᠨ᠎ᠠ᠃ 2022 ᠣᠨ ᠤ ᠡᠴᠦᠰ ᠦᠨ ᠪᠠᠶᠢᠳᠠᠯ ᠢᠶᠠᠷ ᠮᠠᠨ ᠤ ᠤᠯᠤᠰ ᠲᠤ 960 ᠮᠢᠩᠭᠠᠨ ᠡᠷᠦᠬᠡ ᠪᠠᠶᠢᠭ᠎ᠠ ᠪᠥᠭᠡᠳ ᠨᠡᠶᠢᠲᠡ ᠡᠷᠦᠬᠡ ᠶᠢᠨ ᠵᠠᠷᠤᠳᠠᠯ 1.2 ᠶᠡᠬᠡ ᠨᠠᠶᠤᠳ ᠲᠥᠭᠥᠷᠢᠭ ᠵᠠᠷᠤᠴᠠᠭᠤᠯᠳᠠᠭ ᠭᠡᠵᠦ ᠲᠣᠭᠠᠴᠠᠵᠤ ᠪᠤᠯᠬᠤ ᠶᠤᠮ᠃ ᠪᠦᠲᠦᠴᠡ ᠶᠢᠨ ᠬᠤᠪᠢ ᠳᠤ ᠪᠣᠷᠣ ᠢᠳᠡᠭᠡᠨ ᠳᠦ ᠵᠠᠷᠤᠴᠠᠭᠤᠯᠵᠤ ᠪᠤᠢ ᠬᠡᠮᠵᠢᠶ᠎ᠡ ᠴᠠᠭᠠᠨ ᠢᠳᠡᠭᠡᠨ ᠡᠴᠡ ᠶᠡᠬᠡ᠃ ᠨᠡᠶᠢᠲᠡ 1.2 ᠶᠡᠬᠡ ᠨᠠᠶᠤᠳ ᠲᠥᠭᠥᠷᠢᠭ ᠦᠨ 46 ᠬᠤᠪᠢ ᠪᠤᠶᠤ 550 ᠲᠡᠷᠪᠤᠮ ᠲᠥᠭᠥᠷᠢᠭ ᠨᠢ ᠢᠮᠫᠣᠷᠲ ᠤᠨ ᠪᠠᠷᠠᠭᠠᠨ ᠳᠤ ᠵᠠᠷᠤᠴᠠᠭᠤᠯᠤᠭᠳᠠᠳᠠᠭ ᠪᠠᠶᠢᠨ᠎ᠠ᠃