ᠮᠣᠩᠭᠤᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ ᠪᠦᠬᠦᠳᠠ ᠨᠠᠶᠢᠷᠠᠮᠳᠠᠬᠤ ᠰᠣᠯᠤᠩᠭᠤᠰ ᠤᠯᠤᠰ ᠤᠨ ᠦᠨᠳᠦᠰᠦᠨ ᠤ ᠠᠰᠰᠡᠮᠪᠯᠸᠢ ᠶᠢᠨ ᠳᠡᠳ᠋ ᠳᠠᠷᠤᠭ᠎ᠠ ᠺᠢᠮ ᠶᠣᠩ ᠵᠦ ᠶᠢ ᠬᠦᠯᠢᠶᠡᠨ ᠠᠪᠴᠤ ᠠᠭᠤᠯᠵᠠᠪᠠ᠃ ᠬᠠᠲᠤᠭᠲᠠᠶ ᠺᠢᠮ ᠶᠣᠩ ᠵᠦ ᠮᠣᠩᠭᠤᠯ ᠤᠯᠤᠰ᠂ ᠪᠦᠬᠦᠳᠠ ᠨᠠᠶᠢᠷᠠᠮᠳᠠᠬᠤ ᠰᠣᠯᠤᠩᠭᠤᠰ ᠤᠯᠤᠰ ᠤᠨ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ᠂ ᠢᠯᠠᠩᠭᠤᠶ᠎ᠠ ᠬᠠᠤᠯᠢ ᠲᠤᠬᠳᠡᠭᠠᠬᠤ ᠪᠠᠶᠢᠭᠤᠯᠤᠯᠭ᠎ᠠ ᠬᠤᠭᠤᠷᠤᠨᠳᠤ ᠶᠢᠨ ᠬᠠᠷᠢᠯᠴᠠᠭ᠎ᠠ ᠶᠢ ᠥᠷᠭᠡᠵᠢᠭᠦᠯᠦᠨ ᠬᠥᠭᠵᠢᠭᠦᠯᠬᠦ ᠳᠤ ᠦᠨ᠎ᠡ ᠲᠠᠢ ᠬᠤᠪᠢ ᠨᠡᠮᠡᠷᠢ ᠣᠷᠣᠭᠤᠯᠵᠤ ᠪᠠᠶᠢᠭ᠎ᠠ ᠶᠢ ᠶᠡᠷᠦᠩᠬᠡᠶᠢᠯᠡᠭᠴᠢ ᠲᠡᠮᠳᠡᠭᠯᠡᠪᠡ᠃ ᠴᠢᠨᠠᠭᠰᠢᠳᠠ︽ᠰᠲᠷᠠᠲ᠋ᠧᠭᠢ ᠶᠢᠨ ᠲᠦᠩᠰᠢᠯᠡᠯ︾ ᠶᠢᠨ ᠬᠠᠷᠢᠯᠴᠠᠭ᠎ᠠ ᠶᠢ ᠪᠠᠬᠢᠵᠢᠭᠦᠯᠵᠦ᠂ ᠬᠤᠳᠠᠯᠳᠤᠭ᠎ᠠ᠂ ᠡᠳ᠋ ᠤᠨ ᠵᠠᠰᠠᠭ ᠤᠨ ᠬᠠᠮᠲᠤ ᠶᠢᠨ ᠠᠵᠢᠯᠯᠠᠭ᠎ᠠ ᠶᠢ ᠰᠢᠨ᠎ᠡ ᠱᠠᠲᠤᠨ ᠳᠤ ᠭᠠᠷᠭᠠᠬᠤ᠂ ᠢᠷᠭᠡᠳ ᠤᠨ ᠰᠣᠯᠢᠯᠴᠠᠭ᠎ᠠ ᠶᠢ ᠳᠡᠮᠵᠢᠬᠦ ᠵᠡᠷᠭᠡ ᠪᠠᠷ ᠪᠦᠬᠦᠳᠠ ᠨᠠᠶᠢᠷᠠᠮᠳᠠᠬᠤ ᠰᠣᠯᠤᠩᠭᠤᠰ ᠤᠯᠤᠰ ᠤᠨ ᠲᠠᠯ᠎ᠠ ᠲᠠᠢ ᠨᠢᠬᠳᠠ ᠬᠠᠮᠲᠤᠷᠠᠨ ᠠᠵᠢᠯᠯᠠᠬᠤ ᠶᠢᠨ ᠲᠥᠯᠥᠭᠡ ᠪᠠᠶᠢᠭ᠎ᠠ ᠪᠠᠨ ᠢᠯᠡᠷᠬᠡᠶᠢᠯᠡᠪᠡ᠃
ᠬᠤᠶᠠᠷ ᠤᠯᠤᠰ ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ ᠪᠤᠯᠦᠠ ᠣᠯᠠᠨ ᠤᠯᠤᠰ᠂ ᠪᠦᠰᠡ ᠨᠤᠲᠤᠭ ᠤᠨ ᠲᠦᠪᠰᠢᠨ ᠳᠤ ᠠᠮᠵᠢᠯᠲᠠᠲᠠᠶ ᠬᠠᠮᠲᠤᠷᠠᠨ ᠠᠵᠢᠯᠯᠠᠵᠤ ᠪᠠᠶᠢᠭ᠎ᠠ ᠶᠢ ᠬᠡᠯᠡᠭᠡᠳ᠂ ᠪᠦᠬᠦᠳᠠ ᠨᠠᠶᠢᠷᠠᠮᠳᠠᠬᠤ ᠰᠣᠯᠤᠩᠭᠤᠰ ᠤᠯᠤᠰ ᠦᠨ ᠶᠡᠷᠦᠩᠬᠡᠶᠢᠯᠡᠭᠴᠢ ᠶᠤᠨ ᠰᠤᠭ ᠶᠤᠯ ᠳᠤ ᠮᠡᠨᠳᠦᠴᠢᠯᠡᠭᠡ ᠳᠡᠪᠰᠢᠭᠦᠯᠵᠦ ᠪᠠᠶᠢᠭ᠎ᠠ ᠶᠢ ᠤᠯᠠᠮᠵᠢᠯᠠᠬᠤ ᠶᠢ ᠬᠦᠰᠡᠪᠡ᠃