ᠦᠨᠳᠦᠰᠦᠨ ᠤ ᠰᠲ᠋ᠠᠲ᠋ᠢᠰᠲ᠋ᠢᠺ︵ ᠲᠤᠭ᠎ᠠ ᠪᠦᠷᠢᠳᠭᠡᠯ︶ ᠤᠨ ᠬᠤᠷᠢᠶᠠᠨ ᠠᠴᠠ ᠮᠣᠩᠭᠤᠯ ᠤᠯᠤᠰ ᠤᠨ 2023 ᠣᠨ ᠤ ᠨᠢᠭᠡᠳᠦᠭᠡᠷ ᠰᠠᠷ᠎ᠠ ᠶᠢᠨ ᠨᠡᠶᠢᠭᠡᠮ᠂ ᠡᠳ᠋ ᠤᠨ ᠵᠠᠰᠠᠭ ᠤᠨ ᠲᠤᠭᠠᠨ ᠦᠵᠡᠭᠦᠯᠦᠯᠲᠡ ᠶᠢ ᠲᠠᠨᠢᠯᠴᠠᠭᠤᠯᠤᠯ᠎ᠠ᠃ 2022 ᠣᠨ ᠤ ᠳᠥᠷᠪᠡᠳᠦᠭᠡᠷ ᠤᠯᠠᠷᠢᠯ ᠳᠤ ᠨᠢᠭᠡ ᠡᠷᠦᠬᠡ ᠶᠢᠨ ᠰᠠᠷ᠎ᠠ ᠶᠢᠨ ᠳᠤᠮᠳᠠᠴᠢ ᠪᠣᠳᠠᠲᠤ ᠨᠡᠶᠢᠲᠡ ᠣᠷᠣᠯᠭ᠎ᠠ ᠶᠢᠨ ᠭᠡᠮᠵᠢᠶ᠎ᠠ 1.2 ᠰᠠᠶ᠎ᠠ ᠲᠥᠭᠦᠷᠢᠭ ᠪᠣᠯᠵᠤ᠂ ᠡᠮᠦᠨᠡᠬᠢ ᠣᠨ ᠤ ᠮᠦᠠ ᠦᠶ᠎ᠡ ᠠᠴᠠ 0.7 ᠬᠤᠪᠢ᠂ ᠡᠮᠦᠨᠡᠬᠢ ᠤᠯᠠᠷᠢᠯ ᠠᠴᠠ 1.7 ᠬᠤᠪᠢ ᠪᠠᠷ ᠲᠤᠰ ᠲᠤᠰ ᠪᠠᠭᠤᠷᠠᠭᠰᠠᠨ ᠦᠵᠡᠭᠦᠯᠦᠯᠲᠡ ᠲᠠᠢ ᠪᠠᠶᠢᠨ᠎ᠡ᠃ ᠪᠣᠳᠠᠲᠤ ᠨᠡᠶᠢᠲᠡ ᠣᠷᠣᠯᠭ᠎ᠠ ᠶᠢᠨ ᠭᠡᠮᠵᠢᠶ᠎ᠠ 0.7 ᠬᠤᠪᠢ ᠪᠠᠷ ᠪᠠᠭᠤᠷᠠᠬᠤ ᠳᠤ ᠲᠡᠳᠬᠦᠪᠦᠷᠢ᠂ ᠲᠡᠳᠬᠦᠮᠵᠢ ᠶᠢᠨ ᠪᠣᠳᠠᠲᠤ ᠣᠷᠣᠯᠭ᠎ᠠ 51.1 ᠮᠢᠩᠭᠠᠨ ᠲᠥᠭᠦᠷᠢᠭ ᠢᠶᠠᠷ ᠪᠠᠭᠤᠷᠠᠭᠰᠠᠨ ᠨᠢ ᠭᠤᠣᠯ ᠨᠦᠯᠤᠬᠡ ᠦᠵᠡᠭᠦᠯᠵᠡᠢ᠃
ᠬᠠᠷᠢᠨ ᠨᠢᠭᠡ ᠡᠷᠦᠬᠡ ᠶᠢᠨ ᠰᠠᠷ᠎ᠠ ᠶᠢᠨ ᠳᠤᠮᠳᠠᠴᠢ ᠪᠣᠳᠠᠲᠤ ᠨᠡᠶᠢᠲᠡ ᠵᠠᠷᠤᠯᠭ᠎ᠠ ᠶᠢᠨ ᠭᠡᠮᠵᠢᠶ᠎ᠠ ᠲᠤᠰ ᠤᠯᠠᠷᠢᠯ ᠳᠤ 1.2 ᠰᠠᠶ᠎ᠠ ᠲᠥᠭᠦᠷᠢᠭ ᠪᠣᠯᠵᠤ᠂ ᠡᠮᠦᠨᠡᠬᠢ ᠣᠨ ᠤ ᠮᠦᠠ ᠦᠶ᠎ᠡ ᠠᠴᠠ 92.5 ᠮᠢᠩᠭᠠᠨ ᠲᠥᠭᠦᠷᠢᠭ ᠢᠶᠠᠷ ᠨᠡᠮᠡᠭᠳᠡᠵᠦ᠂ ᠡᠮᠦᠨᠡᠬᠢ ᠤᠯᠠᠷᠢᠯ ᠠᠴᠠ 19.6 ᠮᠢᠩᠭᠠᠨ ᠲᠥᠭᠦᠷᠢᠭ ᠢᠶᠠᠷ ᠪᠠᠭᠤᠷᠠᠭᠰᠠᠨ ᠪᠠᠶᠢᠨ᠎ᠡ᠃ ᠲᠡᠭᠦᠨᠴᠢᠯᠡᠨ ᠡᠨᠡ ᠣᠨ ᠤ ᠨᠢᠭᠡᠳᠦᠭᠡᠷ ᠰᠠᠷ᠎ᠠ ᠳᠤ ᠨᠡᠶᠢᠭᠡᠮ ᠤᠨ ᠬᠠᠯᠠᠮᠵᠢ ᠦᠢᠯᠡᠴᠢᠯᠡᠭᠡᠨ ᠳᠤ ᠬᠠᠮᠤᠷᠤᠭᠳᠠᠭᠰᠠᠨ ᠬᠥᠮᠥᠨ ᠤ ᠲᠤᠭ᠎ᠠ 1.5 ᠰᠠᠶ᠎ᠠ ᠬᠥᠮᠦᠨ ᠪᠣᠯᠵᠤ᠂ ᠡᠮᠦᠨᠡᠬᠢ ᠣᠨ ᠤ ᠮᠦᠠ ᠦᠶ᠎ᠡ ᠠᠴᠠ 675.3 ᠮᠢᠩᠭᠠᠨ ᠬᠥᠮᠥᠨ ᠢᠶᠠᠷ ᠪᠤᠶᠤ 77 ᠬᠤᠪᠢ ᠪᠠᠷ ᠥᠰᠴᠡᠢ᠃ ᠮᠦᠠ ᠨᠡᠶᠢᠭᠡᠮ ᠤᠨ ᠳᠠᠭᠠᠳᠬᠠᠯ ᠤᠨ ᠰᠠᠩ ᠤᠨ ᠣᠷᠣᠯᠭ᠎ᠠ 263 ᠲᠡᠷᠪᠤᠮ ᠲᠥᠭᠦᠷᠢᠭ ᠪᠣᠯᠵᠤ ᠡᠮᠦᠨᠡᠬᠢ ᠣᠨ ᠠᠴᠠ 110 ᠲᠡᠷᠪᠤᠮ ᠲᠥᠭᠦᠷᠢᠭ ᠢᠶᠠᠷ ᠨᠡᠮᠡᠭᠳᠡᠭᠰᠡᠨ ᠠᠵᠠᠢ᠃ ᠬᠠᠷᠢᠨ ᠵᠠᠷᠤᠯᠭ᠎ᠠ 303 ᠲᠡᠷᠪᠤᠮ ᠲᠥᠭᠦᠷᠢᠭ ᠪᠣᠯᠵᠤ ᠡᠮᠦᠨᠡᠬᠢ ᠣᠨ ᠠᠴᠠ 87 ᠬᠤᠪᠢ ᠪᠠᠷ ᠥᠰᠦᠭᠰᠡᠨ ᠪᠠᠶᠢᠨ᠎ᠡ᠃