ᠬᠠᠮᠲᠤᠷᠠᠨ ᠬᠡᠷᠡᠭᠵᠢᠭᠦᠯᠬᠦ ᠲᠥᠰᠥᠯ  ᠦᠨ ᠲᠠᠯ᠎ᠠ ᠪᠠᠷ ᠰᠤᠳᠤᠯᠭ᠎ᠠ ᠬᠢᠬᠦ ᠪᠡᠷ ᠲᠣᠬᠢᠷᠠᠯᠴᠠᠯ᠎ᠠ | News.MN

ᠬᠠᠮᠲᠤᠷᠠᠨ ᠬᠡᠷᠡᠭᠵᠢᠭᠦᠯᠬᠦ ᠲᠥᠰᠥᠯ  ᠦᠨ ᠲᠠᠯ᠎ᠠ ᠪᠠᠷ ᠰᠤᠳᠤᠯᠭ᠎ᠠ ᠬᠢᠬᠦ ᠪᠡᠷ ᠲᠣᠬᠢᠷᠠᠯᠴᠠᠯ᠎ᠠ

ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠶᠠ᠊ ∙ ᠰᠤᠳᠤᠪᠠᠭᠠᠲᠤᠷ ᠠᠷᠠᠪ ᠤᠨ ᠨᠢᠭᠡᠳᠦᠭᠰᠡᠨ ᠡᠮᠢᠷᠠᠲ ᠤᠯᠤᠰ ᠲᠤ ᠡᠨᠡ ᠰᠠᠷ᠎ᠠ ᠶᠢᠨ 1-3  ᠤ ᠡᠳᠦᠷ ᠦᠳ ᠲᠦ ᠠᠵᠢᠯ ᠤᠨ ᠠᠶᠢᠯᠴᠢᠯᠠᠯ ᠬᠢᠬᠦ ᠦᠶ᠎ᠡ ᠪᠡᠷ ᠢᠶᠡᠨ ᠲᠤᠰ ᠤᠯᠤᠰ ᠤᠨ ᠰᠢᠳᠠᠷ ᠰᠠᠶᠢᠳ ᠪᠥᠭᠡᠳ ᠶᠡᠷᠦᠩᠬᠡᠶᠢᠯᠡᠭᠴᠢ ᠶᠢᠨ ᠣᠷᠳᠣᠨ ᠤ ᠠᠰᠠᠭᠤᠳᠠᠯ ᠡᠷᠬᠢᠯᠡᠭᠰᠡᠨ ᠰᠠᠶᠢᠳ ᠡᠷᠬᠢᠮ ᠳᠡᠭᠡᠳᠦ ᠱᠠᠢᠾ ᠮᠠᠨᠰᠤᠷ ᠪᠢᠩ ᠵᠠᠢᠳ ᠠᠯᠢ- ᠨᠠᠾᠢᠶᠠᠨ ᠲᠠᠢ ᠠᠭᠤᠯᠵᠠᠵᠤ᠂ ᠬᠣᠶᠠᠷ ᠣᠷᠣᠨ ᠤ ᠬᠠᠷᠢᠯᠴᠠᠭ᠎ᠠ᠂ ᠬᠠᠮᠲᠤ ᠶᠢᠨ ᠠᠵᠢᠯᠯᠠᠭᠠᠨ ᠤ ᠠᠰᠠᠭᠤᠳᠠᠯ ᠤᠳ ᠢᠶᠠᠷ ᠰᠠᠨᠠᠯ ᠰᠤᠯᠢᠯᠴᠠᠪᠠ᠃
ᠲᠡᠳᠡ ᠬᠣᠶᠠᠷ ᠣᠷᠣᠨ ᠤ ᠤᠯᠤᠰ ᠲᠥᠷᠥ ᠶᠢᠨ ᠰᠠᠶᠢᠨ ᠬᠠᠷᠢᠯᠴᠠᠭᠠᠨ ᠳᠤ ᠲᠤᠯᠭᠠᠭᠤᠷᠢᠯᠠᠨ ᠬᠤᠳᠠᠯᠳᠤᠭ᠎ᠠ᠂ ᠡᠳ᠋  ᠦᠨ ᠵᠠᠰᠠᠭ᠂ ᠬᠥᠷᠥᠩᠭᠡ ᠣᠷᠣᠭᠤᠯᠤᠯᠲᠠ᠂ ᠳᠡᠳ᠋ ᠪᠦᠲᠦᠴᠡ᠂ ᠬᠥᠳᠡᠭᠡ ᠠᠵᠤ ᠠᠬᠤᠢ ᠪᠣᠯᠤᠨ ᠪᠠᠶᠢᠭᠠᠯᠢ ᠣᠷᠴᠢᠨ᠂ ᠠᠭᠤᠷ ᠠᠮᠢᠰᠬᠤᠯ ᠤᠨ ᠥᠭᠡᠷᠡᠴᠢᠯᠡᠯᠲᠡ᠂ ᠨᠣᠭᠣᠭᠠᠨ ᠬᠥᠭᠵᠢᠯ᠂ ᠰᠡᠷᠭᠦᠭᠡᠭᠳᠡᠬᠦ ᠡᠷᠴᠢᠮ ᠬᠦᠴᠦ᠂ ᠰᠢᠨ᠎ᠡ ᠲᠧᠭᠨᠢᠭ ᠲᠧᠭᠨᠣᠯᠣᠭᠢ᠂ ᠠᠶᠠᠯᠠᠯ ᠵᠢᠭᠤᠯᠴᠢᠯᠠᠯ ᠤᠨ ᠴᠢᠭᠯᠡᠯ ᠳᠦ ᠬᠠᠷᠢᠯᠴᠠᠨ ᠠᠰᠢᠭᠲᠠᠢ ᠬᠠᠮᠲᠤ ᠶᠢᠨ ᠠᠵᠢᠯᠯᠠᠭ᠎ᠠ ᠶᠢ ᠬᠥᠭᠵᠢᠭᠦᠯᠬᠦ ᠪᠣᠯᠤᠮᠵᠢ ᠨᠤᠭᠤᠳ ᠤᠨ ᠲᠠᠯ᠎ᠠ ᠪᠠᠷ ᠶᠠᠷᠢᠯᠴᠠᠪᠠ᠃
ᠡᠭᠦᠨ ᠳᠦ ᠠᠷᠠᠪ ᠤᠨ ᠨᠢᠭᠡᠳᠦᠭᠰᠡᠨ ᠡᠮᠢᠷᠠᠲ ᠤᠯᠤᠰ ᠤᠨ ᠵᠠᠰᠠᠭ ᠤᠨ ᠭᠠᠵᠠᠷ ᠤᠨ ᠭᠡᠰᠢᠭᠦᠨ ᠢᠶᠡᠷ ᠠᠬᠠᠯᠠᠭᠤᠯᠤᠭᠰᠠᠨ ᠠᠵᠢᠯ ᠤᠨ ᠬᠡᠰᠡᠭ ᠮᠣᠩᠭᠣᠯ ᠤᠯᠤᠰ ᠲᠤ ᠣᠶᠢᠷ᠎ᠠ ᠶᠢᠨ ᠦᠶ᠎ᠡ ᠳᠦ ᠠᠶᠢᠯᠴᠢᠯᠠᠵᠤ᠂ ᠮᠠᠨ ᠤ ᠤᠯᠤᠰ ᠤᠨ ᠬᠥᠷᠥᠩᠭᠡ ᠣᠷᠣᠭᠤᠯᠤᠯᠲᠠ ᠶᠢᠨ ᠣᠷᠴᠢᠨ ᠲᠠᠢ ᠲᠠᠨᠢᠯᠴᠠᠨ ᠬᠠᠷᠢᠯᠴᠠᠨ ᠠᠰᠢᠭᠲᠠᠢ ᠬᠠᠮᠲᠤᠷᠠᠨ ᠬᠡᠷᠡᠭᠵᠢᠭᠦᠯᠵᠦ ᠪᠣᠯᠬᠤ ᠲᠥᠰᠥᠯ᠂ ᠬᠥᠲᠥᠯᠪᠦᠷᠢ ᠨᠦᠭᠦᠳ ᠦᠨ ᠲᠠᠯ᠎ᠠ ᠪᠠᠷ ᠰᠤᠳᠤᠯᠭ᠎ᠠ ᠬᠢᠬᠦ ᠪᠡᠷ ᠲᠣᠬᠢᠷᠠᠯᠴᠠᠯ᠎ᠠ᠃

ᠰᠡᠳᠬᠢᠭᠳᠡᠯ ᠦᠯᠡᠳᠡᠭᠡᠬᠦ