ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠠᠴᠠ ᠣᠯᠭᠤᠭᠰᠠᠨ 233.5 ᠰᠠᠶ᠎ᠠ ᠶᠤᠸᠠᠨ ᠤ ᠪᠤᠴᠠᠯᠲᠠ ᠦᠭᠡᠢ ᠲᠤᠰᠠᠯᠠᠮᠵᠢ᠂ ᠮᠦᠠ ᠤᠯᠤᠰ ᠤᠨ ᠲᠥᠰᠦᠪ ᠤᠨ ᠬᠥᠷᠥᠩᠭᠡ ᠣᠷᠤᠭᠤᠯᠤᠯᠲᠠ ᠪᠠᠷ ᠵᠠᠮ ᠤᠨ ᠡᠭᠦᠳᠡ ᠪᠣᠭᠤᠮᠲᠠ ᠶᠢᠨ ᠳᠡᠳ᠋ ᠪᠦᠲᠦᠴᠡ ᠶᠢ ᠰᠠᠶᠢᠵᠢᠷᠠᠭᠤᠯᠵᠤ᠂ ᠠᠴᠢᠶ᠎ᠠ ᠪᠤᠯᠦᠠ ᠵᠣᠷᠴᠢᠭᠴᠢ ᠲᠡᠭᠡᠭᠡᠪᠦᠷᠢ ᠶᠢᠨ ᠲᠧᠷᠮᠢᠨᠠᠯ ᠤᠳ ᠢ ᠰᠢᠨᠡᠴᠢᠯᠡᠵᠦ᠂ ᠨᠡᠪᠲᠡᠷᠡᠭᠦᠯᠬᠦ ᠬᠦᠴᠦᠨ ᠴᠢᠳᠠᠯ ᠢ 4-7 ᠳᠠᠬᠢᠨ ᠨᠡᠮᠡᠭᠳᠡᠭᠦᠯᠵᠦ ᠪᠠᠶᠢᠨ᠎ᠡ᠃
ᠥᠨᠥᠳᠥᠷ ᠤᠨ ᠪᠠᠶᠢᠳᠠᠯ ᠢᠶᠠᠷ ᠵᠣᠷᠴᠢᠭᠴᠢ ᠲᠡᠭᠡᠭᠡᠪᠦᠷᠢ ᠶᠢᠨ ᠲᠧᠷᠮᠢᠨᠠᠯ ᠢ ᠪᠦᠷᠢᠠ ᠰᠢᠨᠡᠴᠢᠯᠡᠵᠦ ᠂ ᠨᠡᠪᠲᠡᠷᠡᠭᠦᠯᠬᠦ ᠬᠦᠴᠦᠨ ᠴᠢᠳᠡᠯ ᠵᠣᠷᠴᠢᠭᠴᠢ ᠲᠡᠭᠡᠭᠡᠪᠦᠷᠢ ᠶᠢ 3 ᠳᠠᠬᠢᠨ ᠨᠡᠮᠡᠭᠳᠡᠭᠦᠯᠵᠡᠢ᠃ ᠬᠠᠷᠢᠨ ᠠᠴᠢᠶ᠎ᠠ ᠲᠡᠭᠡᠭᠡᠪᠦᠷᠢ ᠶᠢᠨ ᠲᠧᠷᠮᠢᠨᠠᠯ ᠢ ᠢᠷᠡᠬᠦ ᠳᠣᠯᠣᠳᠤᠭᠠᠷ ᠰᠠᠷ᠎ᠠ ᠭᠡᠬᠦ ᠳᠤ ᠪᠦᠷᠢᠠ ᠰᠢᠨᠡᠴᠢᠯᠡᠵᠦ᠂ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠨ ᠠᠵᠢᠯᠯᠠᠵᠤ ᠪᠠᠶᠢᠭ᠎ᠠ ᠪᠥᠭᠡᠳ ᠨᠡᠶᠢᠲᠡ ᠠᠵᠢᠯ ᠤᠨ ᠶᠠᠪᠤᠴᠠ 91 ᠬᠤᠪᠢ ᠲᠠᠶ ᠪᠠᠶᠢᠨ᠎ᠡ᠃