ᠭᠠᠳᠠᠭᠠᠳᠤ ᠬᠠᠷᠢᠯᠴᠠᠭᠠᠨ ᠤ ᠰᠠᠶᠢᠳ ᠪ∙ᠪᠠᠲᠤᠴᠡᠴᠡᠭ ᠪᠦᠬᠦᠳᠠ ᠨᠠᠶᠢᠷᠠᠮᠳᠠᠬᠤ ᠦᠰᠪᠧᠺᠰᠲ᠋ᠠᠨ ᠤᠯᠤᠰ ᠤᠨ ᠭᠠᠳᠠᠭᠠᠳᠤ ᠬᠡᠷᠡᠭ ᠤᠨ ᠰᠠᠶᠢᠳ ᠪ∙ᠰᠠᠢᠳᠤᠧ ᠤᠨ ᠤᠷᠢᠯᠭ᠎ᠠ ᠪᠠᠷ 2023 ᠣᠨ ᠤ 3 ᠳ᠋ᠤᠭᠠᠷ ᠰᠠᠷ᠎ᠠ ᠶᠢᠨ 8-9 ᠨᠢ ᠡᠳᠦᠷ ᠤᠳ ᠲᠤ ᠦᠰᠪᠧᠺᠰᠲ᠋ᠠᠨ ᠤᠯᠤᠰ ᠲᠤ ᠠᠯᠪᠠᠨ ᠶᠣᠰᠣᠨ ᠤ ᠠᠶᠢᠯᠴᠢᠯᠠᠯ ᠬᠢᠨ᠎ᠡ᠃ ᠠᠶᠢᠯᠴᠢᠯᠠᠯ ᠤᠨ ᠦᠶ᠎ᠡ ᠪᠠᠷ ᠲᠡᠷᠡ ᠪᠦᠬᠦᠳᠠ ᠨᠠᠶᠢᠷᠠᠮᠳᠠᠬᠤ ᠦᠰᠪᠧᠺᠰᠲ᠋ᠠᠨ ᠤᠯᠤᠰ ᠤᠨ ᠲᠥᠷᠦ ᠵᠠᠰᠠᠭ ᠤᠨ ᠤᠳᠤᠷᠢᠳᠤᠯᠭ᠎ᠠ ᠳᠤ ᠪᠠᠷᠠᠯᠬᠠᠵᠤ᠂ ᠭᠠᠳᠠᠭᠠᠳᠤ ᠬᠡᠷᠡᠭ ᠤᠨ ᠰᠠᠶᠢᠳ ᠲᠠᠢ ᠠᠯᠪᠠᠨ ᠶᠣᠰᠣᠨ ᠤ ᠬᠡᠯᠡᠯᠴᠡᠭᠡ ᠬᠢᠵᠦ᠂ ᠬᠤᠳᠠᠯᠳᠤᠭ᠎ᠠ᠂ ᠬᠥᠷᠥᠩᠭᠡ ᠣᠷᠤᠭᠤᠯᠤᠯᠲᠠ᠂ ᠬᠥᠳᠡᠭᠡ ᠠᠵᠤ ᠠᠬᠤᠶ᠂ ᠲᠡᠭᠡᠭᠡᠪᠦᠷᠢ ᠶᠢᠨ ᠠᠰᠠᠭᠤᠳᠠᠯ ᠡᠷᠬᠢᠯᠡᠭᠰᠡᠨ ᠰᠠᠶᠢᠳ ᠨᠠᠷ᠂ ᠠᠯᠪᠠᠨ ᠤ ᠬᠥᠮᠥᠰ ᠲᠠᠢ ᠲᠤᠰ ᠲᠤᠰ ᠠᠭᠤᠯᠵᠠᠵᠤ᠂ ᠬᠤᠶᠠᠷ ᠲᠠᠯ᠎ᠠ ᠶᠢᠨ ᠬᠤᠳᠠᠯᠳᠤᠭ᠎ᠠ᠂ ᠡᠳ᠋ ᠤᠨ ᠵᠠᠰᠠᠭ ᠤᠨ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ ᠪᠤᠯᠦᠠ ᠣᠯᠠᠨ ᠤᠯᠤᠰ᠂ ᠪᠦᠰᠡ ᠨᠤᠲᠤᠭ ᠤᠨ ᠠᠰᠠᠭᠤᠳᠠᠯ ᠤᠳ ᠢᠶᠠᠷ ᠰᠠᠨᠠᠯ ᠰᠣᠯᠢᠯᠴᠠᠨ᠎ᠠ᠃
ᠡᠨᠡ ᠬᠦ ᠠᠶᠢᠯᠴᠢᠯᠠᠯ ᠨᠢ ᠮᠠᠨ ᠤ ᠤᠯᠤᠰ 1992 ᠣᠨ ᠳᠤ ᠪᠦᠬᠦᠳᠠ ᠨᠠᠶᠢᠷᠠᠮᠳᠠᠬᠤ ᠦᠰᠪᠧᠺᠰᠲ᠋ᠠᠨ ᠤᠯᠤᠰ ᠲᠠᠢ ᠳ᠋ᠢᠫᠯᠤᠮᠠᠲ ᠬᠠᠷᠢᠯᠴᠠᠭ᠎ᠠ ᠲᠣᠭᠲᠠᠭᠠᠭᠰᠠᠨ ᠠᠴᠠ ᠬᠤᠶᠢᠰᠢ ᠭᠠᠳᠠᠭᠠᠳᠤ ᠬᠠᠷᠢᠯᠴᠠᠭᠠᠨ ᠤ ᠰᠠᠶᠢᠳ ᠤᠨ ᠲᠦᠪᠰᠢᠨ ᠳᠤ ᠬᠡᠷᠡᠭᠵᠢᠵᠦ ᠪᠤᠶ ᠠᠩᠬᠠᠨ ᠤ ᠠᠶᠢᠯᠴᠢᠯᠠᠯ ᠪᠣᠯᠬᠤ ᠶᠤᠮ ᠬᠡᠮᠡᠨ ᠭᠠᠳᠠᠭᠠᠳᠤ ᠬᠠᠷᠢᠯᠴᠠᠭᠠᠨ ᠤ ᠶᠠᠮᠤᠨ ᠠᠴᠠ ᠮᠡᠳᠡᠭᠡᠯᠡᠯ᠎ᠡ᠃