2023 ᠣᠨ ᠤ ᠡᠬᠢᠨ ᠤ ᠬᠤᠶᠠᠷ ᠰᠠᠷ᠎ᠠ ᠳᠤ ᠮᠣᠩᠭᠤᠯ ᠤᠯᠤᠰ 1.9 ᠲᠡᠷᠪᠤᠮ ᠭᠠᠷᠦᠢ ᠳ᠋ᠣᠯᠯᠠᠷ ᠤᠨ ᠠᠭᠤᠯᠠ ᠠᠭᠤᠷᠬᠠᠢ ᠶᠢᠨ ᠪᠦᠲᠦᠭᠡᠭᠳᠡᠬᠦᠨ ᠡᠺᠰᠫᠣᠷᠲᠯᠠᠭᠰᠠᠨ ᠨᠢ ᠡᠮᠦᠨᠡᠬᠢ ᠣᠨ ᠤ ᠮᠦᠠ ᠦᠶ᠎ᠡ ᠲᠠᠢ ᠬᠠᠷᠢᠴᠠᠭᠤᠯᠬᠤ ᠳᠤ ᠥᠰᠦᠭᠰᠡᠨ ᠢ ᠭᠠᠶᠢᠯᠢ ᠶᠢᠨ ᠶᠡᠷᠦᠩᠬᠡᠶ ᠭᠠᠵᠠᠷ ᠮᠡᠳᠡᠭᠡᠯᠡᠯ᠎ᠡ᠃ ᠲᠤᠬᠠᠶᠢᠯᠠᠪᠠᠯ᠄ 7.8 ᠰᠠᠶ᠎ᠠ ᠲᠣᠨ ᠨᠡᠭᠦᠷᠡᠰᠦ ᠶᠢ 1.26 ᠲᠡᠷᠪᠤᠮ ᠳ᠋ᠣᠯᠯᠠᠷ ᠢᠶᠠᠷ᠂ 0.21 ᠰᠠᠶ᠎ᠠ ᠲᠣᠨ ᠵᠡᠰ ᠤᠨ ᠪᠠᠶᠠᠵᠢᠮᠠᠯ ᠢ 371.8ᠰᠠᠶ᠎ᠠ ᠳ᠋ᠣᠯᠯᠠᠷ ᠢᠶᠠᠷ᠂ 0.83 ᠰᠠᠶ᠎ᠠ ᠲᠣᠨ ᠲᠡᠮᠦᠷ ᠤᠨ ᠬᠦᠳᠡᠷ᠂ 2.4 ᠲᠣᠨ ᠪᠣᠯᠪᠠᠰᠤᠷᠠᠭᠤᠯᠤᠭ᠎ᠠ ᠦᠭᠡᠢ ᠪᠤᠶᠤ ᠬᠠᠭᠠᠰ ᠪᠣᠯᠪᠠᠰᠤᠷᠠᠭᠤᠯᠤᠭᠰᠠᠨ ᠠᠯᠲᠠ ᠶᠢ 146.3 ᠰᠠᠶ᠎ᠠ ᠳ᠋ᠣᠯᠯᠠᠷ ᠢᠶᠠᠷ ᠲᠤᠰ ᠲᠤᠰ ᠡᠺᠰᠫᠣᠷᠲᠯᠠᠭᠰᠠᠨ ᠪᠠᠶᠢᠨ᠎ᠡ᠃ ᠮᠦᠠ 2022 ᠣᠨ ᠳᠤ ᠵᠣᠭᠰᠣᠩᠭᠢ ᠪᠠᠶᠢᠭᠰᠠᠨ ᠭᠠᠵᠠᠷ ᠤᠨ ᠲᠣᠰᠤᠨ ᠤ ᠡᠺᠰᠫᠣᠷᠲ ᠦᠯᠦ ᠶᠠᠯᠢᠭ ᠨᠡᠮᠡᠭᠳᠡᠵᠦ᠂ 58 ᠣᠷᠴᠢᠮ ᠰᠠᠶ᠎ᠠ ᠳ᠋ᠣᠯᠯᠠᠷ ᠤᠨ ᠲᠦᠭᠦᠬᠡᠢ ᠨᠧᠹᠲ ᠡᠺᠰᠫᠣᠷᠲᠯᠠᠭᠰᠠᠨ ᠭᠡᠨ᠎ᠡ᠃
ᠭᠤᠷᠪᠠᠳᠤᠭᠠᠷ ᠰᠠᠷ᠎ᠠ ᠶᠢᠨ ᠳᠣᠯᠣᠭᠠᠨ ᠤ ᠡᠳᠦᠷ ᠭᠠᠰᠢᠭᠤᠨᠰᠤᠬᠠᠢᠲᠤ᠂ ᠭᠠᠭᠴᠠᠮᠤᠳᠤ ᠪᠣᠭᠤᠮᠲᠠ ᠪᠠᠷ ᠨᠡᠭᠦᠷᠡᠰᠦ ᠲᠡᠭᠡᠭᠡᠪᠦᠷᠢ ᠶᠢᠨ 1025 ᠮᠠᠰᠢᠨ ᠲᠡᠷᠭᠡ ᠭᠠᠷᠤᠭᠰᠠᠨ ᠪᠠᠶᠢᠨ᠎ᠡ᠃ ᠮᠣᠩᠭᠤᠯ ᠪᠠᠩᠬᠢᠨ ᠤ ᠶᠡᠷᠦᠩᠬᠡᠶᠢᠯᠡᠭᠴᠢ ᠶᠢᠨ ᠭᠤᠷᠪᠠᠳᠤᠭᠠᠷ ᠰᠠᠷ᠎ᠠ ᠶᠢᠨ ᠳᠣᠯᠤᠭᠠᠨ ᠳᠤ ᠥᠭᠭᠦᠭᠰᠡᠨ ᠶᠠᠷᠢᠯᠴᠠᠯᠭ᠎ᠠ ᠠᠴᠠ ᠬᠠᠷᠠᠬᠤ ᠳᠤ᠂ ᠨᠡᠭᠦᠷᠡᠰᠦᠨ ᠤ ᠡᠺᠰᠫᠣᠷᠲ ᠨᠡᠮᠡᠭᠳᠡᠵᠦ᠂ 2023 ᠣᠨ ᠳᠤ 40-45 ᠰᠠᠶ᠎ᠠ ᠲᠣᠨ ᠨᠡᠭᠦᠷᠡᠰᠦ ᠡᠺᠰᠫᠣᠷᠲᠯᠠᠬᠤ ᠪᠠᠷ ᠲᠥᠯᠥᠪᠯᠡᠵᠦ ᠪᠠᠶᠢᠭ᠎ᠠ ᠶᠤᠮ ᠪᠠᠢᠨ᠎ᠠ᠃