ᠪᠣᠯᠪᠠᠰᠤᠷᠠᠯ᠂ ᠰᠢᠨᠵᠢᠯᠡᠬᠦ ᠤᠬᠠᠭᠠᠨ ᠤ ᠰᠠᠶᠢᠳ ᠯ᠊ · ᠡᠩᠬᠡ ᠠᠮᠦᠭᠤᠯᠡᠩ ᠠᠦ᠋ᠰᠲᠷᠠᠯᠢᠶ᠎ᠠ ᠶᠢᠨ ᠦᠨᠳᠦᠰᠦᠨ ᠤ ᠶᠡᠭᠡ ᠰᠤᠷᠭᠠᠭᠤᠯᠢ ᠶᠢᠨ ᠶᠡᠷᠦᠩᠬᠡᠶᠢᠯᠡᠭᠴᠢ᠂ ᠨᠤᠪᠧᠯ ᠤᠨ ᠱᠠᠩᠨᠠᠯᠲᠤ ᠪᠷᠠᠶᠠᠨ ᠱᠮᠢᠳᠢᠲ᠂ ᠲᠤᠰ ᠰᠤᠷᠭᠠᠭᠤᠯᠢ ᠶᠢᠨ ᠠᠽᠢᠶ᠎ᠠ᠂ ᠨᠤᠮᠦᠬᠠᠠ ᠳᠠᠯᠠᠢ ᠶᠢᠨ ᠺᠣᠯᠯᠧᠵᠢ ᠶᠢᠨ ᠳ᠋ᠧᠺᠠᠨ ᠾᠧᠯᠧᠨ ᠰᠠᠯᠯᠢᠸᠠᠨ ᠨᠠᠷ ᠲᠠᠢ 3 ᠳ᠋ᠤᠭᠠᠷ ᠰᠠᠷ᠎ᠠ ᠶᠢᠨ 7 ᠤ ᠡᠳᠦᠷ ᠠᠭᠤᠯᠵᠠᠵᠤ᠂ ᠮᠣᠩᠭᠤᠯ᠂ ᠠᠦ᠋ᠰᠲᠷᠠᠯᠢᠶ᠎ᠠ ᠶᠢᠨ ᠶᠡᠭᠡ ᠰᠤᠷᠭᠠᠭᠤᠯᠢ ᠨᠤᠭᠤᠳ ᠬᠤᠭᠤᠷᠤᠨᠳᠤ ᠶᠢᠨ ᠬᠠᠮᠲᠤ ᠶᠢᠨ ᠠᠵᠢᠯᠯᠠᠭ᠎ᠠ ᠶᠢ ᠡᠷᠴᠢᠮᠵᠢᠭᠦᠯᠬᠦ᠂ ᠣᠶᠤᠲᠠᠨ ᠰᠣᠯᠢᠯᠴᠠᠭ᠎ᠠ ᠶᠢ ᠨᠡᠮᠡᠭᠳᠡᠭᠦᠯᠬᠦ᠂ ᠮᠣᠩᠭᠤᠯ ᠰᠤᠳᠤᠯᠤᠯ ᠤᠨ ᠴᠢᠭᠯᠡᠯ ᠢᠶᠠᠷ ᠪᠠᠭᠰᠢ᠂ ᠡᠷᠳᠡᠮᠲᠡᠨ ᠰᠣᠯᠢᠯᠴᠠᠬᠤ᠂ ᠬᠠᠮᠲᠤᠷᠠᠭᠰᠠᠨ ᠰᠤᠳᠤᠯᠭᠠᠨ ᠤ ᠠᠵᠢᠯ ᠬᠢᠬᠦ᠂ ᠡᠷᠳᠡᠮ ᠰᠢᠨᠵᠢᠯᠡᠭᠡᠨ ᠤ ᠪᠠᠭ᠎ᠠ ᠬᠤᠷᠠᠯ ᠵᠣᠬᠢᠶᠠᠨ ᠪᠠᠶᠢᠭᠤᠯᠬᠤ ᠲᠠᠯ᠎ᠠ ᠪᠠᠷ ᠶᠠᠷᠢᠯᠴᠠᠯ᠎ᠠ᠃
ᠮᠦᠠ ᠲᠡᠷᠡ ᠪᠠᠷ ᠠᠦ᠋ᠰᠲᠷᠠᠯᠢᠶ᠎ᠠ ᠶᠢᠨ ᠦᠨᠳᠦᠰᠦᠨ ᠤ ᠶᠡᠭᠡ ᠰᠤᠷᠭᠠᠭᠤᠯᠢ ᠶᠢᠨ ᠳᠡᠷᠭᠡᠳᠡᠬᠢ ᠮᠣᠩᠭᠤᠯ ᠰᠤᠳᠤᠯᠤᠯ ᠤᠨ ᠬᠦᠷᠢᠶᠡᠯᠡᠩ ᠲᠠᠢ ᠲᠠᠨᠢᠯᠴᠠᠵᠤ᠂ ᠬᠦᠷᠢᠶᠡᠯᠡᠩ ᠤᠨ ᠦᠶᠯᠡ ᠠᠵᠢᠯᠯᠠᠭᠠᠨ ᠳᠤ ᠵᠣᠷᠢᠭᠤᠯᠵᠤ ᠮᠣᠩᠭᠤᠯ ᠰᠤᠳᠤᠯᠤᠯ ᠤᠨ ᠭᠠᠷ ᠤᠨ ᠠᠪᠤᠯᠭ᠎ᠠ᠂ ᠨᠣᠮ ᠲᠣᠪᠬᠢᠮᠠᠯ ᠳᠤᠷᠠᠰᠬᠠᠪᠠ᠃ ᠡᠨᠡ ᠦᠶ᠎ᠡ ᠪᠠᠷ ᠮᠣᠩᠭᠤᠯ ᠤᠯᠤᠰ ᠤᠨ ᠶᠡᠭᠡ ᠰᠤᠷᠭᠠᠭᠤᠯᠢ᠂ ᠠᠦ᠋ᠰᠲᠷᠠᠯᠢᠶ᠎ᠠ ᠶᠢᠨ ᠦᠨᠳᠦᠰᠦᠨ ᠤ ᠶᠡᠭᠡ ᠰᠤᠷᠭᠠᠭᠤᠯᠢ ᠶᠢᠨ ᠬᠤᠭᠤᠷᠦᠡᠳᠦ︽ᠬᠠᠮᠲᠤ ᠶᠢᠨ ᠠᠵᠢᠯᠯᠠᠭᠠᠨ ᠤ ᠰᠠᠨᠠᠮᠵᠢ ᠪᠢᠴᠢᠭ︾ ᠢ ᠰᠢᠨᠡᠴᠢᠯᠡᠨ ᠪᠠᠶᠢᠭᠤᠯᠪᠠ᠃