ᠪᠠᠶᠠᠨ ᠥᠯᠥᠭᠡᠶ ᠠᠶᠢᠮᠠᠭ ᠤᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ ᠠᠴᠠ ᠻᠠᠽᠠᠭ ᠤᠨ ᠠᠷᠠᠳ ᠲᠦᠮᠡᠨ ᠤ ᠤᠯᠠᠮᠵᠢᠯᠠᠯᠲᠤ ᠰᠢᠨ᠎ᠡ ᠵᠢᠯ ᠤᠨ ᠪᠡᠶᠡᠷ ︽ ᠨᠠᠤᠷᠢᠽ︾ ᠢ ᠤᠭᠲᠤᠨ ᠠᠶᠢᠮᠠᠭ ᠤᠨ ᠬᠡᠮᠵᠢᠶᠡᠨ ᠤ ᠲᠥᠷᠦ ᠶᠢᠨ ᠪᠤᠯᠦᠠ ᠲᠥᠷᠦ ᠶᠢᠨ ᠪᠤᠰᠤ ᠪᠠᠶᠢᠭᠤᠯᠤᠯᠭ᠎ᠠ᠂ ᠠᠬᠤᠢ ᠶᠢᠨ ᠨᠢᠭᠡᠴᠡ ᠶᠢᠨ ᠠᠵᠢᠯᠲᠠᠨ᠂ ᠠᠯᠪᠠᠨ ᠬᠠᠭᠠᠭᠴᠢᠳ ᠤᠨ ᠳᠤᠮᠳᠠ ᠦᠨᠳᠦᠰᠦᠨ ᠤ ᠬᠤᠪᠴᠠᠰᠤ ᠰᠤᠷᠲᠠᠯᠴᠢᠯᠠᠬᠤ ᠤᠷᠤᠯᠳᠤᠭᠠᠨ ᠶᠠᠪᠤᠭᠤᠯᠵᠤ ᠪᠠᠶᠢᠨ᠎ᠡ᠃ ᠲᠤᠰ ᠪᠣᠯᠵᠤᠯᠲᠤ ᠤᠷᠤᠯᠳᠤᠭᠠᠨ ᠨᠢ ᠰᠣᠶᠤᠯ ᠤᠨ ᠪᠡᠶᠡᠲᠦ ᠪᠤᠰᠤ ᠥᠪ ᠤᠨ ᠨᠢᠭᠡᠨ ᠲᠥᠷᠥᠯ ᠪᠣᠯᠬᠤ ᠦᠨᠳᠦᠰᠦᠨ ᠤ ᠬᠤᠪᠴᠠᠰᠤ ᠪᠠᠷ ᠪᠠᠭ᠋ᠠᠷᠬᠠᠬᠤ ᠦᠵᠡᠯ ᠢ ᠢᠷᠭᠡᠳ ᠲᠤ ᠲᠥᠯᠥᠪᠰᠢᠭᠦᠯᠬᠦ᠂ ᠰᠤᠷᠲᠠᠯᠴᠢᠯᠠᠬᠤ᠂ ᠲᠦᠭᠡᠭᠡᠨ ᠳᠡᠯᠭᠡᠷᠡᠭᠦᠯᠬᠦ ᠵᠣᠷᠢᠯᠭ᠎ᠠ ᠲᠠᠢ᠃
ᠣᠷᠤᠯᠴᠠᠭᠴᠢ ᠪᠠᠶᠢᠭᠤᠯᠤᠯᠭ᠎ᠠ ᠨᠤᠭᠤᠳ ᠲᠤ ᠠᠵᠢᠯᠲᠠᠨ᠂ ᠠᠯᠪᠠᠨ ᠬᠠᠭᠠᠭᠴᠢᠳ ᠨᠢ ᠦᠨᠳᠦᠰᠦᠨ ᠤ ᠢᠵᠢ ᠪᠦᠷᠢᠠ ᠬᠤᠪᠴᠠᠰᠤ ᠲᠠᠢ ᠪᠠᠶᠢᠬᠤ᠂ ᠡᠮᠦᠰᠦᠭᠰᠡᠨ ᠬᠤᠪᠴᠠᠰᠤ ᠨᠢ ᠥᠩᠭᠡ ᠦᠵᠡᠮᠵᠢ ᠲᠠᠢ ᠪᠠᠶᠢᠬᠤ᠂ ᠬᠠᠮᠲᠤ ᠣᠯᠠᠨ ᠤ ᠨᠡᠶᠢᠲᠡ ᠭᠡᠰᠢᠭᠦᠳ ᠢ ᠬᠠᠮᠤᠷᠤᠭᠤᠯᠬᠤ᠂ ᠦᠨᠳᠦᠰᠦᠨ ᠤ ᠬᠤᠪᠴᠠᠰᠤᠨ ᠤ ᠴᠢᠮᠡᠭᠯᠡᠯ᠂ ᠲᠣᠨᠤᠭᠯᠠᠯ᠂ ᠥᠪᠡᠷᠮᠢᠴᠡ ᠣᠨᠴᠠᠯᠢᠭ ᠢ ᠬᠠᠷᠠᠭᠤᠯᠬᠤ ᠪᠣᠯᠵᠤᠯ ᠲᠠᠯᠪᠢᠵᠤ ᠪᠠᠶᠢᠭ᠎ᠠ᠃
ᠪᠠᠶᠢᠭᠤᠯᠤᠯᠭ᠎ᠠ ᠨᠤᠭᠤᠳ ᠡᠨᠡ ᠰᠠᠷ᠎ᠠ ᠶᠢᠨ 13 ᠤ ᠡᠳᠦᠷ ᠠᠴᠠ ᠡᠬᠢᠯᠡᠨ 10 ᠬᠤᠨᠤᠭ ᠤᠨ ᠬᠤᠭᠤᠴᠠᠭᠠᠨ ᠳᠤ ᠡᠳᠦᠷ ᠪᠦᠷᠢ ᠬᠠᠮᠲᠤ ᠣᠯᠠᠨ ᠤ ᠪᠠᠨ ᠦᠨᠳᠦᠰᠦᠨ ᠤ ᠬᠤᠪᠴᠠᠰᠤ ᠡᠮᠦᠰᠦᠭᠰᠡᠨ ᠵᠢᠷᠤᠭ ᠢ ᠲᠤᠬᠠᠢ ᠶᠢᠨ ᠪᠠᠶᠢᠭᠤᠯᠤᠯᠭ᠎ᠠ ᠶᠢᠨ ᠪᠤᠯᠦᠠ ᠠᠶᠢᠮᠠᠭ ᠤᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ ᠤᠨ ᠴᠠᠬᠢᠮ ᠬᠠᠭᠤᠳᠠᠰᠤᠨ ᠳᠤ ᠲᠠᠯᠪᠢᠵᠤ᠂ ᠣᠯᠠᠨ ᠨᠡᠶᠢᠲᠡ ᠳᠤ ᠰᠤᠷᠲᠠᠯᠴᠢᠯᠠᠨ᠎ᠠ᠃