ᠭᠠᠳᠠᠭᠠᠳᠤ ᠬᠠᠷᠢᠯᠴᠠᠭᠠᠨ ᠤ ᠶᠠᠮᠤᠨ ᠤ ᠲᠥᠷᠦ ᠶᠢᠨ ᠨᠡᠷᠢᠠ ᠪᠢᠴᠢᠭ ᠤᠨ ᠳᠠᠷᠤᠭ᠎ᠠ ᠨ᠊ · ᠠᠩᠬᠠᠪᠠᠶᠠᠷ ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠬᠥᠮᠦᠨ ᠠᠮᠠ ᠶᠢᠨ ᠰᠠᠩ ᠤᠨ ᠬᠢᠲᠠᠳ ᠲᠤ ᠬᠢ ᠰᠠᠭᠤᠷᠢᠨ ᠲᠥᠯᠦᠭᠡᠯᠡᠭᠴᠢ ᠪᠥᠭᠡᠳ ᠮᠣᠩᠭᠤᠯ ᠤᠯᠤᠰ ᠢ ᠬᠠᠷᠢᠭᠤᠴᠠᠭᠰᠠᠨ ᠵᠠᠬᠢᠷᠤᠯ ᠵᠠᠰᠲ᠋ᠢᠨ ᠺᠤᠸᠤᠯᠰᠤᠨ ᠢ ᠡᠨᠡ ᠰᠠᠷ᠎ᠠ ᠶᠢᠨ 15 ᠳᠦ ᠬᠦᠯᠢᠶᠡᠨ ᠠᠪᠴᠤ ᠠᠭᠤᠯᠵᠠᠯ᠎ᠠ᠃
ᠨ᠊ ·ᠠᠩᠬᠠᠪᠠᠶᠠᠷ ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠬᠥᠮᠦᠨ ᠠᠮᠠ ᠶᠢᠨ ᠰᠠᠩ ᠮᠠᠨ ᠤ ᠤᠯᠤᠰ ᠤᠨ ᠬᠥᠮᠦᠨ ᠠᠮᠠ ᠶᠢᠨ ᠬᠥᠭᠵᠢᠯ᠂ ᠲᠡᠷᠡ ᠳᠤᠮᠳᠠ ᠪᠠᠨ ᠥᠬᠢᠳ᠂ ᠡᠮᠡᠭᠲᠡᠶᠢᠴᠦᠳ ᠤᠨ ᠨᠥᠬᠦᠨ ᠦᠷᠡᠵᠢᠬᠦᠢ ᠶᠢᠨ ᠡᠷᠡᠭᠦᠯ ᠮᠡᠨᠳᠦ᠂ ᠬᠡᠦᠬᠡᠳ ᠵᠠᠯᠠᠭᠤᠴᠤᠳ ᠢ ᠴᠢᠳᠠᠪᠬᠢᠵᠢᠭᠤᠯᠬᠤ᠂ ᠬᠦᠢᠰᠦ ᠶᠢᠨ ᠲᠡᠭᠰᠢ ᠪᠠᠶᠢᠳᠠᠯ ᠢ ᠬᠠᠩᠭᠠᠬᠤ ᠴᠢᠭᠯᠡᠯ ᠢᠶᠠᠷ ᠳᠣᠷᠪᠢᠲᠠᠢ ᠬᠤᠪᠢ ᠨᠡᠮᠡᠷᠢ ᠣᠷᠣᠭᠤᠯᠤᠨ ᠠᠵᠢᠯᠯᠠᠵᠤ ᠪᠤᠢ ᠳᠤ ᠲᠠᠯᠠᠷᠬᠠᠯ ᠢᠯᠡᠷᠬᠡᠶᠢᠯᠡᠪᠡ᠃
ᠲᠠᠯ᠎ᠠ ᠨᠤᠭᠤᠳ ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠬᠥᠮᠦᠨ ᠠᠮᠠ ᠶᠢᠨ ᠰᠠᠩ ᠤᠨ ᠭᠦᠢᠴᠡᠳᠬᠡᠬᠦ ᠵᠥᠪᠯᠡᠯ ᠠᠴᠠ ᠦᠡᠭᠭᠡᠷᠡᠭᠰᠡᠠ 2022 ᠣᠨ ᠳᠤ ᠪᠠᠲᠤᠯᠠᠭᠰᠠᠨ ᠮᠣᠩᠭᠤᠯ ᠤᠯᠤᠰ ᠲᠤ 2023-2027 ᠣᠨ ᠳᠤ ᠬᠡᠷᠡᠭᠵᠢᠭᠦᠯᠬᠦ ᠤᠯᠤᠰ ᠣᠷᠣᠨ ᠤ ᠳᠤᠯᠤᠳᠠᠬᠢ ᠬᠥᠲᠥᠯᠪᠦᠷᠢ ᠶᠢ ᠠᠮᠵᠢᠯᠲᠠᠲᠠᠶ ᠬᠡᠷᠡᠭᠵᠢᠭᠦᠯᠬᠦ ᠶᠢᠨ ᠲᠥᠯᠥᠭᠡ ᠲᠤᠤᠱᠲᠠᠢ ᠬᠠᠮᠲᠤᠷᠠᠨ ᠠᠵᠢᠯᠯᠠᠬᠤ ᠪᠠᠨ ᠨᠤᠲᠠᠯᠠᠵᠤ᠂ ᠢᠷᠡᠬᠦ ᠲᠠᠪᠤᠨ ᠵᠢᠯ ᠳᠤ ᠬᠡᠷᠡᠭᠵᠢᠭᠦᠯᠬᠦ ᠲᠥᠰᠥᠯ᠂ ᠦᠶᠯᠡ ᠠᠵᠢᠯᠯᠠᠭ᠎ᠠ ᠨᠤᠭᠤᠳ ᠤᠨ ᠲᠣᠳᠤᠷᠬᠠᠶ ᠴᠢᠭᠯᠡᠯ ᠤᠳ ᠢᠶᠠᠷ ᠳᠡᠯᠭᠡᠷᠡᠩᠭᠦᠢ ᠰᠠᠨᠠᠯ ᠰᠣᠯᠢᠯᠴᠠᠪᠠ᠃