ᠦᠡᠭᠭᠡᠷᠡᠭᠰᠡᠠ ᠣᠨ ᠳᠤ ᠬᠤᠳᠠᠯᠳᠤᠭᠠᠨ ᠤ ᠰᠠᠯᠪᠤᠷᠢ ᠶᠢᠨ ᠪᠣᠷᠣᠯᠠᠭᠤᠯᠤᠯᠲᠠ ᠶᠢᠨ ᠣᠷᠣᠯᠭ᠎ᠠ 37.7 ᠶᠡᠭᠡ ᠨᠠᠶᠤᠳ ᠲᠥᠭᠦᠷᠢᠭ ᠪᠣᠯᠵᠤ᠂ ᠡᠮᠦᠨᠡᠬᠢ ᠣᠨ ᠠᠴᠠ 8.6 ᠶᠡᠭᠡ ᠨᠠᠶᠤᠳ ᠲᠥᠭᠦᠷᠢᠭ ᠢᠶᠠᠷ ᠨᠡᠮᠡᠭᠳᠡᠭᠰᠡᠨ ᠪᠠᠶᠢᠨ᠎ᠡ᠃ ᠪᠣᠷᠣᠯᠠᠭᠤᠯᠤᠯᠲᠠ ᠶᠢᠨ ᠣᠷᠣᠯᠭ᠎ᠠ ᠶᠢᠨ 21.8 ᠬᠤᠪᠢ ᠶᠢ ᠬᠦᠨᠡᠰᠦᠨ ᠤ ᠪᠦᠲᠦᠭᠡᠭᠳᠡᠬᠦᠨ ᠡᠵᠡᠯᠡᠵᠡᠢ᠃
ᠲᠡᠭᠦᠨᠴᠢᠯᠡᠨ 2022 ᠣᠨ ᠳᠤ ᠬᠦᠨᠡᠰᠦᠨ ᠤ ᠪᠦᠲᠦᠭᠡᠭᠳᠡᠬᠦᠨ ᠤ ᠪᠦᠭᠡᠮ ᠦᠨ ᠪᠣᠯᠤᠨ ᠵᠢᠵᠢᠭᠯᠡᠨ ᠬᠤᠳᠠᠯᠳᠤᠭ᠎ᠠ 8.2 ᠶᠡᠭᠡ ᠨᠠᠶᠤᠳ ᠲᠥᠭᠦᠷᠢᠭ ᠲᠤ ᠬᠦᠷᠴᠦ᠂ ᠡᠮᠦᠨᠡᠬᠢ ᠣᠨ ᠤ ᠮᠦᠠ ᠦᠶ᠎ᠡ ᠠᠴᠠ 1.2 ᠶᠡᠭᠡ ᠨᠠᠶᠤᠳ ᠲᠥᠭᠦᠷᠢᠭ ᠢᠶᠠᠷ᠂ ᠬᠦᠨᠡᠰᠦᠨ ᠤ ᠪᠤᠰᠤ ᠪᠦᠲᠦᠭᠡᠭᠳᠡᠬᠦᠨ ᠤ ᠪᠦᠭᠡᠮ ᠦᠨ ᠪᠣᠯᠤᠨ ᠵᠢᠵᠢᠭᠯᠡᠨ ᠬᠤᠳᠠᠯᠳᠤᠭ᠎ᠠ 29.5 ᠶᠡᠭᠡ ᠨᠠᠶᠤᠳ ᠲᠥᠭᠦᠷᠢᠭ ᠪᠣᠯᠵᠤ᠂ ᠡᠮᠦᠨᠡᠬᠢ ᠣᠨ ᠤ ᠮᠦᠠ ᠦᠶ᠎ᠡ ᠠᠴᠠ 7.4 ᠶᠡᠭᠡ ᠨᠠᠶᠤᠳ ᠲᠥᠭᠦᠷᠢᠭ ᠢᠶᠠᠷ ᠨᠡᠮᠡᠭᠳᠡᠵᠡᠢ᠃