ᠲᠣᠭᠯᠠᠭᠠᠮ ᠤᠨ ᠲᠠᠯᠠᠪᠠᠢ ᠳᠤ ᠥᠰᠪᠦᠷᠢ ᠨᠠᠰᠤᠨ ᠤ ᠬᠥᠪᠡᠭᠦᠳ ᠦᠨ ᠲᠣᠭᠯᠠᠵᠤ ᠪᠠᠶᠢᠭᠰᠠᠨ ᠪᠥᠮᠪᠥᠭᠡ ᠪᠠᠭ᠎ᠠ ᠨᠠᠰᠤᠨ ᠤ ᠬᠡᠦᠬᠡᠳ ᠢ ᠰᠠᠨᠠᠭᠠᠨ ᠳᠤ ᠦᠭᠡᠢ ᠣᠨᠣᠭᠰᠠᠨ ᠤ ᠤᠯᠠᠮ ᠠᠴᠠ ᠬᠦᠦ ᠶᠢᠨ ᠠᠪᠤ ᠥᠰᠪᠦᠷᠢ ᠨᠠᠰᠤᠨ ᠤ ᠬᠦᠦ ᠶᠢ ᠭᠠᠵᠠᠷ ᠤᠨᠠᠲᠠᠯ᠎ᠠ ᠠᠯᠠᠭᠠᠳᠠᠭᠰᠠᠨ ᠪᠢᠴᠢᠯᠭᠡ 05 ᠰᠠᠷ᠎ᠠ ᠶᠢᠨ 07 ᠳᠦ ᠨᠡᠶᠢᠭᠡᠮ ᠤᠨ ᠰᠦᠯᠵᠢᠶᠡᠨ ᠳᠦ ᠨᠡᠶᠢᠲᠡᠯᠡᠭᠳᠡᠭᠰᠡᠨ᠃ ᠲᠤᠬᠠᠢ ᠶᠢᠨ ᠡᠲᠡᠭᠡᠳ ᠲᠣᠭᠯᠠᠭᠠᠮ ᠤᠨ ᠲᠠᠯᠠᠪᠠᠢ ᠳᠤ ᠬᠡᠦᠬᠡᠳ ᠲᠡᠢ ᠪᠡᠨ ᠶᠠᠪᠤᠵᠤ ᠪᠠᠶᠢᠭᠰᠠᠨ ᠪᠥᠭᠡᠳ ᠪᠢᠴᠢᠯᠭᠡ ᠳᠡᠭᠡᠷ᠎ᠡ᠄ 2᠂ 3 ᠠᠯᠠᠭᠠᠳᠠᠭᠰᠠᠨ ᠰᠢᠦ ᠭᠡᠵᠦ ᠳᠡᠭᠡᠷᠡᠩᠭᠦᠢ ᠥᠩᠭᠡ ᠠᠶᠠᠰ ᠢᠶᠠᠷ ᠬᠡᠯᠡᠵᠡᠢ᠃
ᠲᠤᠰ ᠬᠡᠷᠡᠭ ᠢ ᠰᠦᠬᠡᠪᠠᠭᠠᠲᠤᠷ ᠳᠡᠭᠦᠷᠭᠡ ᠶᠢᠨ ᠴᠠᠭᠳᠠᠭ᠎ᠠ ᠶᠢᠨ ᠬᠡᠯᠲᠡᠰ ᠡᠴᠡ ᠮᠥᠷᠳᠡᠨ ᠰᠢᠯᠭᠠᠵᠤ ᠪᠠᠶᠢᠭ᠎ᠠ ᠪᠥᠭᠡᠳ ᠲᠤᠬᠠᠢ ᠶᠢᠨ ᠡᠲᠡᠭᠡᠳ ᠡᠴᠡ ᠮᠡᠳᠡᠭᠦᠯᠭᠡ ᠠᠪᠴᠤ ᠡᠬᠢᠯᠡᠭᠰᠡᠨ ᠪᠠᠶᠢᠨ᠎ᠠ᠃ ᠲᠡᠳᠡᠨ ᠦ ᠥᠭᠭᠦᠭᠰᠡᠨ ᠮᠡᠳᠡᠭᠡᠯᠡᠯ ᠢᠶᠡᠷ ᠮᠥᠷᠳᠡᠨ ᠰᠢᠯᠭᠠᠬᠤ ᠠᠵᠢᠯ ᠳᠠᠭᠤᠰᠤᠭ᠎ᠠ ᠦᠭᠡᠢ ᠪᠥᠭᠡᠳ ᠵᠥᠷᠢᠴᠡᠯ ᠦᠨ ᠬᠠᠤᠯᠢ ᠪᠠ ᠪᠤᠰᠤᠳ ᠬᠤᠯᠪᠤᠭᠳᠠᠬᠤ ᠬᠠᠤᠯᠢ ᠪᠠᠷ ᠬᠠᠷᠢᠭᠤᠴᠠᠯᠭ᠎ᠠ ᠲᠣᠭᠠᠴᠠᠨ᠎ᠠ ᠭᠡᠰᠡᠨ ᠶᠤᠮ᠃