《Fitch Ratings》ᠠᠭᠧᠨᠲᠯᠢᠭ ᠮᠣᠩᠭᠣᠯ ᠤᠯᠤᠰ ᠤᠨ ᠤᠷᠲᠤ ᠬᠤᠭᠤᠴᠠᠭᠠᠨ ᠤ ᠵᠢᠭᠡᠯᠡᠵᠢᠬᠦ ᠵᠡᠷᠭᠡᠯᠡᠯ ᠢ《B》ᠪᠤᠶᠤ 《ᠲᠣᠭᠲᠠᠪᠤᠷᠢᠲᠠᠢ ᠲᠦᠪᠰᠢᠨ ᠳᠦ ᠪᠠᠶᠢᠨ᠎ᠠ》ᠭᠡᠰᠡᠨ ᠡᠮᠦᠨᠡᠬᠢ ᠲᠥᠰᠥᠭᠡᠯᠡᠯ ᠢᠶᠡᠨ ᠬᠡᠪ ᠢᠶᠡᠷ ᠦᠯᠡᠳᠡᠭᠡᠯ᠎ᠡ᠃ ᠡᠭᠦᠨ ᠳᠦ ᠮᠠᠨ ᠤ ᠳᠤᠮᠳᠠ ᠬᠤᠭᠤᠴᠠᠭᠠᠨ ᠤ ᠡᠳ᠋ ᠦᠨ ᠵᠠᠰᠠᠭ ᠤᠨ ᠥᠰᠦᠯᠲᠡ ᠡᠶᠡᠷᠭᠦ ᠪᠠᠶᠢᠬᠤ ᠲᠦᠯᠦᠪ ᠲᠠᠢ ᠪᠠᠶᠢᠭ᠎ᠠ ᠨᠢ ᠭᠣᠣᠯᠯᠠᠨ ᠨᠥᠯᠦᠭᠡᠯᠡᠨ᠎ᠡ ᠭᠡᠵᠦ ᠦᠵᠡᠵᠡᠢ᠃
ᠬᠡᠳᠦᠢ ᠲᠡᠶᠢᠮᠦ ᠪᠣᠯᠪᠠᠴᠤ ᠭᠠᠳᠠᠭᠠᠳᠤ ᠸᠠᠯᠢᠶᠤᠲ ᠤᠨ ᠨᠥᠭᠡᠴᠡ ᠬᠣᠮᠰᠠ ᠪᠠᠶᠢᠭ᠎ᠠ ᠲᠠᠢ ᠵᠡᠷᠭᠡᠴᠡᠭᠡᠳ ᠭᠠᠳᠠᠭᠠᠳᠤ ᠥᠷᠢ ᠥᠨᠳᠥᠷ ᠪᠠᠶᠢᠭ᠎ᠠ ᠨᠢ ᠡᠷᠡᠰᠳᠡᠯ ᠪᠣᠯᠵᠤ ᠪᠣᠯᠵᠣᠰᠢ ᠦᠭᠡᠢ ᠭᠡᠵᠦ ᠦᠵᠡᠭᠰᠡᠨ ᠪᠠᠶᠢᠨ᠎ᠠ᠃ ᠮᠣᠩᠭᠣᠯ ᠤᠯᠤᠰ ᠤᠨ ᠨᠡᠭᠦᠷᠡᠰᠦᠨ ᠦ ᠡᠺᠰᠫᠣᠷᠲ 10 ᠬᠤᠪᠢ ᠪᠠᠷ ᠪᠠᠭᠤᠷᠠᠬᠤ ᠨᠢ ᠳᠣᠲᠣᠭᠠᠳᠤ ᠶᠢᠨ ᠨᠡᠶᠢᠲᠡ ᠪᠦᠲᠦᠭᠡᠭᠳᠡᠬᠦᠨ ᠦ ᠳᠥᠷᠪᠡᠨ ᠬᠤᠪᠢ ᠪᠤᠶᠤ 500 ᠰᠠᠶ᠎ᠠ ᠳ᠋ᠣᠯᠯᠠᠷ ᠲᠠᠢ ᠲᠡᠮᠡᠴᠡᠬᠦ ᠬᠡᠮᠵᠢᠶᠡᠨ ᠦ ᠨᠥᠯᠥᠭᠡᠯᠡᠯ ᠢ ᠲᠥᠯᠥᠪᠦᠷᠢ ᠶᠢᠨ ᠲᠡᠩᠴᠡᠯ ᠦᠨ ᠠᠯᠳᠠᠭᠳᠠᠯ ᠳᠤ ᠦᠵᠡᠭᠦᠯᠬᠦ ᠪᠡᠷ ᠪᠠᠶᠢᠨ᠎ᠠ ᠭᠡᠰᠡᠨ ᠲᠣᠭᠠᠴᠠᠭᠠᠯᠠᠯ ᠭᠠᠷᠭᠠᠵᠠᠢ᠃
ᠡᠭᠦᠨ ᠡᠴᠡ ᠭᠠᠳᠠᠨ᠎ᠠ ᠮᠣᠩᠭᠣᠯ ᠤᠯᠤᠰ ᠤᠨ ᠡᠳ᠋ ᠦᠨ ᠵᠠᠰᠠᠭ 2023 ᠣᠨ ᠳᠤ ᠲᠠᠪᠤᠨ ᠬᠤᠪᠢ ᠪᠤᠶᠤ ᠡᠮᠦᠨᠡᠬᠢ ᠣᠨ ᠤ ᠬᠢ ᠲᠠᠢ ᠠᠳᠠᠯᠢ ᠬᠡᠮᠵᠢᠶᠡᠨ ᠳᠦ ᠥᠰᠥᠨ᠎ᠡ ᠭᠡᠵᠦ ᠲᠠᠭᠠᠮᠠᠭᠯᠠᠭᠰᠠᠨ ᠪᠠᠶᠢᠨ᠎ᠠ᠃ ᠬᠠᠷᠢᠨ 2024 ᠣᠨ ᠠᠴᠠ ᠡᠳ᠋ ᠦᠨ ᠵᠠᠰᠠᠭ ᠤᠨ ᠥᠰᠦᠯᠲᠡ ᠡᠷᠴᠢ ᠪᠡᠨ ᠠᠪᠤᠨ᠎ᠠ ᠭᠡᠵᠦ ᠲᠠᠭᠠᠮᠠᠭᠯᠠᠵᠠᠢ᠃