ᠭᠠᠳᠠᠭᠠᠳᠤ ᠬᠠᠷᠢᠯᠴᠠᠭᠠᠨ ᠤ ᠰᠠᠶᠢᠳ ᠪ ∙ ᠪᠠᠲᠤᠴᠡᠴᠡᠭ ᠪᠦᠭᠦᠳᠡ ᠨᠠᠶᠢᠷᠠᠮᠳᠠᠬᠤ ᠰᠯᠣᠸᠧᠨᠢ ᠤᠯᠤᠰ ᠲᠤ ᠬᠢᠵᠦ ᠪᠤᠢ ᠠᠶᠢᠯᠴᠢᠯᠠᠯ ᠤᠨ ᠢᠶᠠᠨ ᠬᠦᠷᠢᠶᠡᠨ ᠳᠦ 5 ᠳ᠋ᠤᠭᠠᠷ ᠰᠠᠷ᠎ᠠ ᠶᠢᠨ 15 ᠤ ᠡᠳᠦᠷ ᠪᠦᠭᠦᠳᠡ ᠨᠠᠶᠢᠷᠠᠮᠳᠠᠬᠤ ᠰᠯᠣᠸᠧᠨᠢ ᠤᠯᠤᠰ ᠤᠨ ᠶᠡᠷᠦᠩᠬᠡᠶᠢᠯᠡᠭᠴᠢ ᠬᠠᠲᠤᠭᠲᠠᠢ ᠨᠠᠲ᠋ᠠᠱᠠ ᠫᠢᠷᠼ ᠮᠤᠰᠠᠷ ᠲᠤ ᠪᠠᠷᠠᠭᠠᠯᠬᠠᠯ᠎ᠠ᠃
ᠬᠤᠶᠠᠷ ᠲᠠᠯ᠎ᠠ ᠡᠨᠡ ᠣᠨ ᠳᠤ ᠮᠣᠩᠭᠣᠯ᠂ ᠰᠯᠣᠸᠧᠨᠢ ᠶᠢᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 30 ᠵᠢᠯ ᠦᠨ ᠣᠢ ᠲᠣᠬᠢᠶᠠᠵᠤ ᠪᠠᠶᠢᠭ᠎ᠠ ᠶᠢ ᠳᠤᠷᠠᠳᠴᠤ᠂ ᠬᠣᠶᠠᠷ ᠲᠠᠯ᠎ᠠ ᠶᠢᠨ ᠬᠠᠷᠢᠯᠴᠠᠭ᠎ᠠ ᠶᠢ ᠤᠯᠤᠰ ᠲᠥᠷᠥ᠂ ᠡᠳ᠋ ᠦᠨ ᠵᠠᠰᠠᠭ᠂ ᠬᠤᠳᠠᠯᠳᠤᠭ᠎ᠠ᠂ ᠠᠶᠠᠯᠠᠯ ᠵᠢᠭᠤᠯᠴᠢᠯᠠᠯ᠂ ᠮᠡᠳᠡᠭᠡᠯᠡᠯ ᠦᠨ ᠲᠧᠭᠨᠣᠯᠣᠭᠢ ᠶᠢᠨ ᠴᠢᠭᠯᠡᠯ ᠢᠶᠡᠷ ᠥᠷᠭᠡᠵᠢᠭᠦᠯᠬᠦ ᠪᠣᠯᠤᠮᠵᠢ ᠨᠤᠭᠤᠳ ᠤᠨ ᠲᠠᠯ᠎ᠠ ᠪᠠᠷ ᠰᠠᠨᠠᠯ ᠰᠤᠯᠢᠯᠴᠠᠪᠠ᠃ ᠮᠥᠨ ᠬᠣᠶᠠᠷ ᠣᠷᠣᠨ ᠤ ᠪᠢᠽᠢᠨᠧᠰ ᠡᠷᠬᠢᠯᠡᠭᠴᠢᠳ ᠦᠨ ᠬᠠᠮᠲᠤ ᠶᠢᠨ ᠠᠵᠢᠯᠯᠠᠭ᠎ᠠ ᠶᠢ ᠳᠡᠮᠵᠢᠬᠦ᠂ ᠬᠤᠳᠠᠯᠳᠤᠭᠠᠨ ᠤ ᠡᠷᠭᠢᠯᠲᠡ ᠶᠢ ᠨᠡᠮᠡᠭᠳᠡᠭᠦᠯᠬᠦ ᠶᠢᠨ ᠴᠢᠬᠤᠯᠠ ᠶᠢ ᠣᠨᠴᠠᠯᠠᠵᠤ᠂ ᠬᠠᠮᠲᠤ ᠶᠢᠨ ᠠᠵᠢᠯᠯᠠᠭ᠎ᠠ ᠶᠢ ᠨᠠᠲ᠋ᠠᠱᠠ ᠫᠢᠷᠼ ᠮᠤᠰᠠᠷ ᠪᠦᠬᠦᠢ ᠯᠠ ᠲᠠᠯ᠎ᠠ ᠪᠠᠷ ᠳᠡᠮᠵᠢᠵᠦ ᠠᠵᠢᠯᠯᠠᠬᠤ ᠪᠠᠨ ᠨᠣᠲᠠᠯᠠᠪᠠ᠃