ᠤᠯᠤᠰ ᠤᠨ ᠶᠡᠬᠡ ᠬᠤᠷᠠᠯ ᠢᠶᠠᠷ ᠮᠣᠩᠭᠣᠯ ᠤᠯᠤᠰ ᠤᠨ ᠨᠢᠭᠡᠳᠦᠭᠰᠡᠨ ᠲᠥᠰᠥᠪ ᠦᠨ 2024 ᠣᠨ ᠤ ᠲᠥᠰᠥᠪ ᠦᠨ ᠬᠦᠷᠢᠶᠡᠨ ᠦ ᠮᠡᠳᠡᠭᠳᠡᠯ᠂ 2025-2026 ᠣᠨ ᠤ ᠲᠥᠰᠥᠪ ᠦᠨ ᠲᠥᠰᠥᠭᠡᠯᠡᠯ ᠦᠨ ᠲᠤᠬᠠᠢ ᠬᠠᠤᠯᠢ ᠶᠢᠨ ᠲᠥᠰᠥᠯ ᠢ ᠬᠡᠯᠡᠯᠴᠡᠵᠦ ᠪᠠᠶᠢᠭ᠎ᠠ᠃ 2024 ᠣᠨ ᠤ ᠲᠥᠰᠥᠪ ᠦᠨ ᠬᠦᠷᠢᠶᠡᠨ ᠦ ᠮᠡᠳᠡᠭᠳᠡᠯ ᠳᠦ ᠳᠤᠷᠠᠳᠤᠭᠰᠠᠨ ᠢᠶᠠᠷ᠂ ᠲᠠᠪᠤᠨᠲᠣᠯᠣᠭᠠᠢ᠂ ᠭᠠᠰᠢᠭᠤᠨᠰᠤᠬᠠᠢᠲᠤ ᠶᠢᠨ ᠲᠡᠮᠦᠷ ᠵᠠᠮ ᠢ ᠬᠢᠲᠠᠳ ᠦᠨ ᠲᠡᠮᠦᠷ ᠵᠠᠮ ᠲᠠᠢ ᠬᠤᠯᠪᠤᠬᠤ ᠬᠣᠯᠪᠣᠯᠲᠠ ᠶᠢᠨ ᠴᠡᠭ ᠲᠦ 650 ᠲᠡᠷᠪᠤᠮ ᠲᠥᠭᠥᠷᠢᠭ ᠢᠶᠡᠷ ᠠᠴᠢᠵᠤ᠂ ᠪᠠᠭᠤᠯᠭᠠᠬᠤ ᠲᠧᠷᠮᠢᠨᠠᠯ ᠪᠠᠶᠢᠭᠤᠯᠬᠤ ᠪᠠᠷ ᠲᠥᠯᠥᠪᠯᠡᠵᠡᠢ᠃
ᠭᠠᠰᠢᠭᠤᠨᠰᠤᠬᠠᠢᠲᠤ ᠶᠢᠨ ᠲᠡᠮᠦᠷ ᠵᠠᠮ ᠢ ᠬᠢᠲᠠᠳ ᠤᠨ ᠲᠡᠮᠦᠷ ᠵᠠᠮ ᠲᠠᠢ ᠬᠤᠯᠪᠤᠬᠤ ᠵᠢᠷᠤᠭ ᠲᠥᠰᠥᠯ ᠢ ᠬᠢᠵᠦ ᠪᠠᠶᠢᠭ᠎ᠠ ᠪᠥᠭᠡᠳ ᠪᠦᠲᠦᠭᠡᠨ ᠪᠠᠶᠢᠭᠤᠯᠤᠯᠲᠠ ᠶᠢᠨ ᠠᠵᠢᠯ ᠢ ᠨᠢ ᠡᠨᠡ ᠣᠨ ᠳᠤ ᠡᠬᠢᠯᠡᠭᠦᠯᠬᠦ ᠶᠤᠮ ᠪᠠᠶᠢᠨ᠎ᠠ᠃