ᠰᠤᠶᠤᠯ ᠤᠨ ᠶᠠᠮᠤᠨ᠂ ᠮᠣᠩᠭᠣᠯ ᠤᠨ ᠵᠣᠬᠢᠶᠠᠯᠴᠢᠳ ᠤᠨ ᠡᠪᠯᠡᠯ᠂ ᠰᠤᠶᠤᠯ᠂ ᠢᠷᠠᠭᠤ ᠨᠠᠶᠢᠷᠠᠭ ᠤᠨ ᠠᠺᠠᠳᠧᠮᠢ ᠬᠠᠮᠲᠤᠷᠠᠨ ᠵᠣᠬᠢᠶᠠᠨ ᠪᠠᠶᠢᠭᠤᠯᠵᠤ ᠪᠤᠢ 《ᠤᠯᠠᠭᠠᠨᠪᠠᠭᠠᠲᠤᠷ》ᠣᠯᠠᠨ ᠤᠯᠤᠰ ᠤᠨ ᠢᠷᠠᠭᠤ ᠨᠠᠶᠢᠷᠠᠭ ᠤᠨ ᠹᠣᠷᠣᠮ 《ᠴᠢᠩᠭᠢᠰ ᠬᠠᠭᠠᠨ》ᠦᠨᠳᠦᠰᠦᠨ ᠦ ᠮᠦᠽᠧᠢ ᠳᠦ ᠥᠨᠥᠳᠥᠷ ᠡᠬᠢᠯᠡᠯ᠎ᠡ᠃ ᠲᠤᠰ ᠹᠣᠷᠣᠮ ᠮᠣᠩᠭᠣᠯ ᠤᠨ ᠤᠷᠠᠨ ᠵᠣᠬᠢᠶᠠᠯ ᠢ ᠣᠯᠠᠨ ᠤᠯᠤᠰ ᠲᠤ ᠲᠠᠨᠢᠭᠤᠯᠬᠤ᠂ ᠦᠨᠳᠦᠰᠦᠨ ᠦ ᠤᠳᠬ᠎ᠠ ᠵᠣᠬᠢᠶᠠᠯ ᠢᠶᠠᠷ ᠳᠠᠮᠵᠢᠭᠤᠯᠤᠨ ᠡᠬᠡ ᠣᠷᠣᠨ ᠢᠶᠠᠨ ᠰᠤᠷᠲᠠᠯᠴᠢᠯᠠᠬᠤ᠂ ᠨᠡᠶᠢᠭᠡᠮ ᠢ ᠰᠣᠶᠣᠨ ᠭᠡᠭᠡᠷᠡᠭᠦᠯᠬᠦ᠂ ᠦᠨᠳᠦᠰᠦᠨ ᠦ ᠨᠢᠭᠡᠳᠦᠮᠡᠯ ᠦᠨᠡᠲᠦ ᠵᠦᠢᠯ ᠢ ᠪᠡᠬᠢᠵᠢᠭᠦᠯᠬᠦ᠂ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ ᠵᠣᠷᠢᠯᠭ᠎ᠠ ᠲᠠᠢ᠃
ᠹᠣᠷᠣᠮ ᠳᠤ ᠮᠣᠩᠭᠣᠯ ᠤᠨ ᠵᠣᠬᠢᠶᠠᠯᠴᠢ᠂ ᠢᠷᠠᠭᠤ ᠨᠠᠶᠢᠷᠠᠭᠴᠢᠳ ᠠᠴᠠ ᠭᠠᠳᠠᠨ᠎ᠠ ᠰᠸᠸᠳ᠋ᠸᠨ᠂ ᠹᠷᠠᠨᠼᠢ᠂ ᠬᠢᠲᠠᠳ᠂ ᠣᠷᠣᠰ ᠂ ᠪᠠᠩᠭᠠᠯᠳᠧᠱ᠂ ᠢᠰᠫᠠᠨᠢ᠂ ᠢᠰᠷᠸᠯ᠂ ᠪᠦᠭᠦᠳᠡ ᠨᠠᠢᠷᠠᠮᠳᠠᠬᠤ ᠰᠤᠯᠤᠩᠭᠤᠰ ᠤᠯᠤᠰ ᠵᠡᠷᠭᠡ ᠣᠷᠣᠨ ᠠᠴᠠ ᠢᠷᠠᠭᠤ ᠨᠠᠶᠢᠷᠠᠭᠴᠢ᠂ ᠵᠣᠬᠢᠶᠠᠯᠴᠢ᠂ ᠬᠡᠪᠯᠡᠨ ᠨᠡᠶᠢᠳᠡᠯᠡᠭᠴᠢᠳ ᠬᠦᠷᠦᠯᠴᠡᠨ ᠢᠷᠡᠵᠦ ᠤᠷᠤᠯᠴᠠᠵᠠᠢ᠃
ᠡᠨᠡ ᠬᠦ ᠹᠣᠷᠣᠮ ᠨᠢ ᠮᠣᠩᠭᠣᠯ ᠤᠨ ᠤᠷᠠᠨ ᠵᠣᠬᠢᠶᠠᠯ᠂ ᠢᠷᠠᠭᠤ ᠨᠠᠶᠢᠷᠠᠭ ᠠᠴᠠ ᠭᠠᠳᠠᠭᠠᠳᠤ ᠤᠯᠤᠰ ᠤᠳ ᠲᠤ ᠬᠡᠪᠯᠡᠭᠳᠡᠭᠰᠡᠨ ᠲᠡᠭᠦᠪᠤᠷᠢ ᠨᠤᠭᠦᠳ ᠤᠨ ᠲᠠᠨᠢᠯᠴᠠᠭᠤᠯᠭ᠎ᠠ᠂ 《ᠥᠨᠥ ᠦᠶ᠎ᠡ ᠪᠠ ᠢᠷᠠᠭᠤ ᠨᠠᠶᠢᠷᠠᠭ》ᠬᠡᠯᠡᠯᠴᠡᠭᠦᠯᠭᠡ᠂ ᠳᠡᠭᠡᠷᠡᠬᠢ ᠤᠯᠤᠰ ᠣᠷᠣᠨ ᠨᠤᠭᠤᠳ ᠲᠠᠢ ᠤᠷᠠᠨ ᠵᠣᠬᠢᠶᠠᠯ ᠤᠨ ᠬᠠᠷᠢᠯᠴᠠᠨ ᠣᠷᠴᠢᠭᠤᠯᠭ᠎ᠠ ᠶᠢᠨ ᠬᠠᠮᠲᠤ ᠶᠢᠨ ᠠᠵᠢᠯᠯᠠᠭ᠎ᠠ᠂ 《ᠣᠯᠠᠨ ᠬᠡᠯᠡᠨ ᠦ ᠨᠠᠶᠢᠷᠰᠠᠯ》 ᠢᠷᠠᠭᠤ ᠨᠠᠶᠢᠷᠠᠭ ᠤᠨ ᠤᠩᠰᠢᠯᠭ᠎ᠠ ᠵᠡᠷᠭᠡ ᠦᠢᠯᠡ ᠠᠵᠢᠯᠯᠠᠭ᠎ᠠ ᠶᠢ ᠭᠤᠷᠪᠠᠨ ᠡᠳᠦᠷ ᠦᠨ ᠲᠤᠷᠰᠢ ᠵᠣᠬᠢᠶᠠᠨ ᠪᠠᠶᠢᠭᠤᠯᠬᠤ ᠶᠢᠨ ᠵᠡᠷᠭᠡᠴᠡᠭᠡ 30 ᠭᠠᠷᠤᠢ ᠤᠷᠠᠨ ᠪᠦᠲᠦᠭᠡᠯ ᠢ ᠬᠠᠷᠢᠯᠴᠠᠨ ᠣᠷᠴᠢᠭᠤᠯᠵᠤ