ᠲᠥᠭᠥᠷᠢᠭ ᠦᠨ ᠬᠠᠳᠠᠭᠠᠯᠠᠮᠵᠢ ᠡᠨᠡ ᠣᠨ ᠤ ᠳᠦᠷᠪᠡᠳᠦᠭᠡᠷ ᠰᠠᠷ᠎ᠠ ᠶᠢᠨ ᠡᠴᠦᠰ ᠲᠦ 13.5 ᠶᠡᠬᠡ ᠨᠠᠶᠤᠳ ᠲᠥᠭᠥᠷᠢᠭ ᠪᠣᠯᠵᠤ᠂ ᠡᠮᠦᠨᠡᠬᠢ ᠰᠠᠷ᠎ᠠ ᠶᠢᠨ ᠬᠢ ᠠᠴᠠ 424.8︵3.2 ᠬᠤᠪᠢ︶ᠲᠡᠷᠪᠤᠮ ᠲᠥᠭᠥᠷᠢᠭ ᠢᠶᠡᠷ ᠥᠰᠴᠦ᠂ ᠡᠮᠦᠨᠡᠬᠢ ᠣᠨ ᠤ ᠮᠥᠨ ᠦᠶ᠎ᠡ ᠡᠴᠡ 206.1 ︵1.5 ᠬᠤᠪᠢ︶ ᠲᠡᠷᠪᠤᠮ ᠲᠥᠭᠥᠷᠢᠭ ᠢᠶᠡᠷ ᠪᠠᠭᠤᠷᠠᠵᠠᠢ᠃
ᠲᠥᠭᠥᠷᠢᠭ ᠦᠨ ᠬᠠᠳᠠᠭᠠᠯᠠᠮᠵᠢ ᠶᠢᠨ 12︵88.9 ᠬᠤᠪᠢ︶ ᠶᠡᠬᠡ ᠨᠠᠶᠤᠳ ᠲᠥᠭᠥᠷᠢᠭ ᠨᠢ ᠢᠷᠭᠡᠳ ᠦᠨ᠂ 1.5︵11.1 ᠬᠤᠪᠢ︶ ᠶᠡᠬᠡ ᠨᠠᠶᠤᠳ ᠲᠥᠭᠥᠷᠢᠭ ᠨᠢ ᠠᠵᠤ ᠠᠬᠤᠢ ᠶᠢᠨ ᠨᠢᠭᠡᠴᠡ᠂ ᠪᠠᠶᠢᠭᠤᠯᠤᠯᠭ᠎ᠠ ᠶᠢᠨ ᠬᠢ ᠶᠤᠮ᠃ ᠬᠠᠷᠢᠨ ᠸᠠᠯᠢᠶᠤᠲ ᠤᠨ ᠬᠠᠳᠠᠭᠠᠯᠠᠮᠵᠢ 5.3 ᠶᠡᠬᠡ ᠨᠠᠶᠤᠳ ᠲᠥᠭᠥᠷᠢᠭ ᠪᠣᠯᠵᠤ᠂ ᠡᠮᠦᠨᠡᠬᠢ ᠰᠠᠷ᠎ᠠ ᠠᠴᠠ 616.5︵10.4 ᠬᠤᠪᠢ︶ᠲᠡᠷᠪᠤᠮ ᠲᠥᠭᠥᠷᠢᠭ ᠢᠶᠡᠷ ᠪᠠᠭᠤᠷᠠᠵᠤ᠂ ᠡᠮᠦᠨᠡᠬᠢ ᠣᠨ ᠤ ᠮᠥᠨ ᠦᠶ᠎ᠡ ᠡᠴᠡ 976.5︵22.4 ᠬᠤᠪᠢ︶ᠲᠡᠷᠪᠤᠮ ᠲᠥᠭᠥᠷᠢᠭ ᠢᠶᠡᠷ ᠥᠰᠦᠭᠰᠡᠨ ᠢ ᠦᠨᠳᠦᠰᠦᠨ ᠦ ᠰᠲ᠋ᠠᠲ᠋ᠢᠰᠲ᠋ᠢᠺ ᠤᠨ ᠬᠣᠷᠢᠶ᠎ᠠ ᠮᠡᠳᠡᠭᠡᠯᠡᠵᠡᠢ᠃