ᠰᠢᠨᠵᠢᠯᠡᠬᠦ ᠤᠬᠠᠭᠠᠨ ᠤ ᠠᠺᠠᠳ᠋ᠸᠮᠢ ᠶᠢᠨ ᠲᠡᠷᠢᠭᠦᠯᠡᠭᠴᠢᠳ ᠦᠨ ᠬᠤᠷᠠᠯ ᠥᠨᠥᠳᠥᠷ ᠬᠤᠷᠠᠯᠳᠤᠵᠤ᠂ ᠳᠠᠷᠠᠭᠠᠬᠢ ᠠᠰᠠᠭᠤᠳᠠᠯ ᠢ ᠬᠡᠯᠡᠯᠴᠡᠵᠦ ᠰᠢᠢᠳᠪᠦᠷᠢᠯᠡᠵᠡᠢ᠃ ᠨᠢᠭᠡᠳᠦᠭᠡᠷ ᠲᠦ᠂ ᠰᠢᠨᠵᠢᠯᠡᠬᠦ ᠤᠬᠠᠭᠠᠨ ᠤ ᠠᠺᠠᠳ᠋ᠸᠮᠢ ᠶᠢᠨ ᠰᠠᠯᠪᠤᠷᠢ ᠶᠢᠨ ᠪᠠᠭ᠎ᠠ ᠴᠢᠭᠤᠯᠭᠠᠨ ᠤ ᠨᠥᠬᠥᠨ ᠰᠣᠩᠭᠣᠭᠤᠯᠢ ᠶᠢᠨ ᠳ᠋ᠦᠩ ᠢᠶᠡᠨ ᠬᠡᠯᠡᠯᠴᠡᠵᠦ᠂ ᠪᠠᠭ᠎ᠠ ᠴᠢᠭᠤᠯᠭᠠᠨ ᠤ ᠲᠥᠷᠥ ᠶᠢᠨ ᠲᠥᠯᠥᠭᠡᠯᠡᠯ ᠦᠨ ᠪᠦᠷᠢᠯᠳᠦᠬᠦᠨ ᠢ ᠰᠣᠩᠭᠣᠵᠤ ᠪᠠᠲᠤᠯᠠᠪᠠ᠃
ᠬᠣᠶᠠᠳᠤᠭᠠᠷ ᠲᠤ᠂ ᠰᠢᠨᠵᠢᠯᠡᠬᠦ ᠤᠬᠠᠭᠠᠨ ᠤ ᠠᠺᠠᠳ᠋ᠸᠮᠢ ᠶᠢᠨ ᠳᠡᠭᠡᠳᠦ ᠱᠠᠩᠨᠠᠯ《ᠬᠤᠪᠢᠯᠠᠢ ᠬᠠᠭᠠᠨ ᠮᠧᠳᠠᠯ ᠤᠯᠭᠤᠬᠤ ᠪᠠᠷ 2010 ᠣᠨ ᠤ ᠹᠢᠽᠢᠺ ᠦᠨ ᠰᠠᠯᠪᠤᠷᠢ ᠶᠢᠨ ᠨᠣᠪᠧᠯ ᠤᠨ ᠱᠠᠩᠨᠠᠯᠲᠤ ᠡᠷᠳᠡᠮᠲᠡᠨ ᠺ∙ᠰ∙ᠨᠤᠸᠤᠰᠧᠯᠤᠸ᠋ ᠢ ᠨᠡᠷ᠎ᠡ ᠳᠡᠪᠰᠢᠭᠦᠯᠵᠦ᠂ ᠲᠤᠰ ᠱᠠᠩᠨᠠᠯ ᠢ ᠣᠯᠭᠤᠬᠤ ᠪᠠᠷ ᠪᠣᠯᠵᠠᠢ᠃
ᠲᠠᠰᠢᠷᠠᠮ ᠳᠤ ᠳᠤᠷᠠᠳᠬᠤ ᠳᠤ᠂ ᠮᠣᠩᠭᠣᠯ ᠤᠯᠤᠰ ᠲᠤ ᠪᠣᠯᠵᠤ ᠪᠤᠢ ᠠᠽᠢᠶ᠎ᠠ ᠶᠢᠨ ᠹᠢᠽᠢᠺ ᠦᠨ ᠬᠤᠷᠢᠨ ᠭᠤᠷᠪᠠᠳᠤᠭᠠᠷ ᠣᠯᠢᠮᠫᠢᠶᠠᠳ᠋ ᠤᠨ ᠦᠶ᠎ᠡ ᠪᠡᠷ ᠪᠤᠶᠤ ᠡᠨᠡ ᠰᠠᠷ᠎ᠠ ᠶᠢᠨ 27 ᠳᠦ ᠨᠣᠪᠧᠯ ᠤᠨ ᠱᠠᠩᠨᠠᠯᠲᠠᠨ ᠺ ∙ᠰ∙ᠨᠤᠸᠤᠰᠧᠯᠤᠸ᠋《ᠢᠷᠡᠭᠡᠳᠦᠢ ᠶᠢᠨ ᠮᠠᠲ᠋ᠧᠷᠢᠶᠠᠯ》 ᠰᠡᠳᠦᠪᠲᠦ ᠢᠯᠡᠳᠬᠡᠯ ᠢᠶᠡᠨ ᠲᠠᠯᠪᠢᠨ᠎ᠠ᠃