ᠭᠠᠳᠠᠭᠠᠳᠤ ᠬᠠᠷᠢᠯᠴᠠᠭᠠᠨ ᠤ ᠰᠠᠶᠢᠳ ᠪ ∙ ᠪᠠᠲᠤᠴᠡᠴᠡᠭ 5 ᠳ᠋ᠤᠭᠠᠷ ᠰᠠᠷ᠎ᠠ ᠶᠢᠨ 24-26 ᠤ ᠡᠳᠦᠷ ᠦᠳ ᠲᠦ ᠰᠠᠦ᠋ᠳᠢ ᠶᠢᠨ ᠠᠷᠠᠪ ᠤᠨ ᠬᠠᠭᠠᠨᠲᠤ ᠤᠯᠤᠰ ᠤᠨ ᠭᠠᠳᠠᠭᠠᠳᠤ ᠬᠡᠷᠡᠭ ᠦᠨ ᠰᠠᠶᠢᠳ ᠬᠠᠨ ᠬᠦᠦ ᠹᠠᠢᠰᠠᠯ ᠪᠢᠩ ᠹᠠᠷᠬᠠᠨ ᠠᠯᠢ ᠰᠠᠦ᠋ᠳ᠋ ᠤᠨ ᠤᠷᠢᠯᠭ᠎ᠠ ᠪᠠᠷ ᠲᠤᠰ ᠤᠯᠤᠰ ᠲᠤ ᠠᠯᠪᠠᠨ ᠶᠣᠰᠣᠨ ᠤ ᠠᠶᠢᠯᠴᠢᠯᠠᠯ ᠬᠢᠨ᠎ᠡ᠃
ᠠᠶᠢᠯᠴᠢᠯᠠᠯ ᠤᠨ ᠬᠦᠷᠢᠶᠡᠨ ᠳᠦ ᠪ ∙ ᠪᠠᠲᠤᠴᠡᠴᠡᠭ ᠰᠠᠦ᠋ᠳᠢ ᠶᠢᠨ ᠠᠷᠠᠪ ᠤᠨ ᠬᠠᠭᠠᠨᠲᠤ ᠤᠯᠤᠰ ᠤᠨ ᠭᠠᠳᠠᠭᠠᠳᠤ ᠬᠡᠷᠡᠭ ᠦᠨ ᠰᠠᠶᠢᠳ ᠬᠠᠨ ᠬᠦᠦ ᠹᠠᠢᠰᠠᠯ ᠪᠢᠩ ᠹᠠᠷᠬᠠᠨ ᠠᠯᠢ ᠰᠠᠦ᠋ᠳ᠋ ᠪᠣᠯᠤᠨ ᠠᠯᠪᠠᠨ ᠤ ᠪᠤᠰᠤᠳ ᠬᠦᠮᠦᠰ ᠲᠡᠢ ᠠᠭᠤᠯᠵᠠᠵᠤ᠂ ᠬᠠᠷᠢᠯᠴᠠᠭ᠎ᠠ᠂ ᠬᠠᠮᠲᠤ ᠶᠢᠨ ᠠᠵᠢᠯᠯᠠᠭᠠᠨ ᠤ ᠠᠰᠠᠭᠤᠳᠠᠯ ᠤᠳ ᠢᠶᠠᠷ ᠰᠠᠨᠠᠯ ᠰᠣᠯᠢᠯᠴᠠᠨ᠎ᠠ᠃