ᠮᠣᠩᠭᠣᠯ ᠪᠠᠩᠬᠢ ᠣᠯᠠᠨ ᠤᠯᠤᠰ ᠤᠨ TIER II ᠲᠦᠪᠰᠢᠨ ᠳᠦ ᠮᠠᠭᠠᠳᠯᠠᠨ ᠢᠲᠡᠭᠡᠮᠵᠢᠯᠡᠭᠳᠡᠭᠰᠡᠨ ᠳ᠋ᠠᠲ᠋ᠠ ᠲᠥᠪ ᠲᠡᠢ ᠪᠣᠯᠤᠯ᠎ᠠ᠃ ᠤᠭ ᠳ᠋ᠠᠲ᠋ᠠ ᠲᠥᠪ ᠢ ᠠᠰᠢᠭᠯᠠᠯᠲᠠ ᠳᠤ ᠣᠷᠣᠭᠤᠯᠤᠭᠰᠠᠨ ᠢᠶᠠᠷ ᠦᠨᠳᠦᠰᠦᠨ ᠦ ᠲᠥᠯᠥᠪᠦᠷᠢ ᠶᠢᠨ ᠰᠢᠰᠲ᠋ᠧᠮ ᠦᠨ ᠲᠠᠰᠤᠷᠠᠯᠲᠠ ᠦᠭᠡᠢ᠂ ᠨᠠᠶᠢᠳᠠᠪᠤᠷᠢᠲᠠᠢ ᠠᠵᠢᠯᠯᠠᠭ᠎ᠠ ᠶᠢ ᠬᠠᠩᠭᠠᠬᠤ᠂ ᠡᠭᠦᠰᠴᠦ ᠪᠣᠯᠵᠣᠰᠢ ᠦᠭᠡᠢ ᠠᠯᠢᠪᠠ ᠡᠷᠡᠰᠳᠡᠯ ᠡᠴᠡ ᠤᠷᠢᠳᠴᠢᠯᠠᠨ ᠰᠡᠷᠭᠡᠶᠢᠯᠡᠬᠦ ᠨᠥᠬᠥᠴᠡᠯ ᠪᠥᠷᠢᠳᠴᠦ ᠪᠠᠶᠢᠭ᠎ᠠ ᠶᠤᠮ᠃
《Uptime Institute》 ᠣᠯᠠᠨ ᠤᠯᠤᠰ ᠤᠨ ᠮᠠᠭᠠᠳᠯᠠᠨ ᠢᠲᠡᠭᠡᠮᠵᠢᠯᠡᠬᠦ ᠪᠠᠶᠢᠭᠤᠯᠤᠯᠭ᠎ᠠ ᠠᠴᠠ ᠣᠯᠭᠤᠳᠠᠭ ᠭᠡᠷᠡᠴᠢᠯᠡᠭᠡ ᠶᠢ ᠡᠮᠦᠨ᠎ᠡ ᠨᠢ ᠮᠣᠩᠭᠣᠯ ᠤᠯᠤᠰ ᠤᠨ ᠪᠠᠩᠬᠢᠨ ᠤ ᠰᠠᠯᠪᠤᠷᠢ ᠶᠢᠨ ᠬᠣᠶᠠᠷ ᠪᠠᠶᠢᠭᠤᠯᠤᠯᠭ᠎ᠠ ᠠᠪᠴᠤ ᠪᠠᠶᠢᠭᠰᠠᠨ ᠶᠤᠮ᠃