ᠬᠣᠪᠳᠣ ᠠᠶᠢᠮᠠᠭ ᠲᠤ ᠰᠤᠷᠠᠭ ᠦᠭᠡᠢ ᠠᠯᠠᠭ᠎ᠠ ᠪᠣᠯᠤᠭᠰᠠᠨ 13 ᠨᠠᠰᠤᠲᠠᠢ ᠬᠦᠦ ᠡᠰᠡᠨ ᠮᠡᠨᠳᠦ ᠭᠡᠷ ᠲᠦ ᠪᠡᠨ ᠢᠷᠡᠵᠡᠢ᠃ ᠲᠡᠷᠡ 05 ᠰᠠᠷ᠎ᠠ ᠶᠢᠨ 25 ᠳᠦ ᠮᠠᠯ ᠢᠶᠠᠨ ᠬᠠᠷᠢᠭᠤᠯᠬᠤ ᠪᠠᠷ ᠭᠠᠷᠤᠭᠠᠳ ᠰᠤᠷᠠᠭ ᠦᠭᠡᠢ ᠠᠯᠠᠭ᠎ᠠ ᠪᠣᠯᠤᠭᠰᠠᠨ ᠪᠠᠢᠳᠠᠭ᠃
ᠬᠡᠦᠬᠡᠳ ᠰᠤᠷᠠᠭ ᠦᠭᠡᠢ ᠪᠣᠯᠵᠤ᠂ ᠤᠨᠠᠵᠤ ᠶᠠᠪᠤᠭᠰᠠᠨ ᠮᠣᠷᠢ ᠨᠢ ᠠᠳᠤᠭᠤᠨ ᠳᠤ ᠪᠠᠨ ᠭᠦᠶᠦᠵᠦ ᠢᠷᠡᠭᠰᠡᠨ ᠲᠤᠬᠠᠢ ᠳᠠᠭᠤᠳᠠᠯᠭ᠎ᠠ ᠶᠢ 26 ᠤ 00᠄53 ᠴᠠᠭ ᠲᠤ ᠣᠨᠴᠠᠭᠠᠢ ᠪᠠᠶᠢᠳᠠᠯ ᠤᠨ ᠭᠠᠵᠠᠷ ᠬᠦᠯᠢᠶᠡᠨ ᠠᠪᠤᠭᠰᠠᠨ ᠪᠠᠶᠢᠨ᠎ᠠ᠃ ᠳᠠᠭᠤᠳᠠᠯᠭ᠎ᠠ ᠶᠢᠨ ᠳᠠᠭᠠᠤ ᠲᠡᠳᠡ ᠠᠷᠤ ᠭᠡᠷ ᠦᠨ ᠬᠢᠨ ᠲᠡᠢ ᠨᠢ ᠬᠠᠮᠲᠤᠷᠠᠨ ᠬᠦᠦ ᠶᠢ ᠡᠷᠢᠨ ᠬᠠᠶᠢᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠪᠠᠶᠢᠭᠰᠠᠨ ᠪᠠᠶᠢᠨ᠎ᠠ᠃