ᠭᠠᠳᠠᠭᠠᠳᠤ ᠬᠠᠷᠢᠯᠴᠠᠭᠠᠨ ᠤ ᠰᠠᠶᠢᠳ ᠪ ∙ ᠪᠠᠲᠤᠴᠡᠴᠡᠭ ᠰᠠᠦ᠋ᠳᠢ ᠶᠢᠨ ᠠᠷᠠᠪ ᠤᠨ ᠬᠠᠭᠠᠨᠲᠤ ᠤᠯᠤᠰ ᠲᠤ ᠬᠢᠵᠦ ᠂ ᠵᠠᠰᠠᠭ ᠤᠨ ᠭᠠᠵᠠᠷ ᠤᠨ ᠭᠡᠰᠢᠭᠦᠨ᠂ ᠲᠥᠷᠥ ᠶᠢᠨ ᠰᠠᠶᠢᠳ᠂ ᠡᠷᠬᠢᠮ ᠳᠡᠭᠡᠳᠦ ᠬᠠᠨ ᠬᠦᠦ ᠲᠤᠷᠺᠢ ᠪᠢᠩ ᠮᠤᠬᠠᠮᠧᠳ᠋ ᠪᠢᠩ ᠹᠠᠬᠠᠳ᠋ ᠠᠯᠢ ᠰᠠᠦᠳ᠋ ᠲᠠᠢ 5 ᠳ᠋ᠤᠭᠠᠷ ᠰᠠᠷ᠎ᠠ ᠶᠢᠨ 26 ᠤ ᠡᠳᠦᠷ ᠠᠭᠤᠯᠵᠠᠪᠠ᠃
ᠠᠭᠤᠯᠵᠠᠯᠲᠠ ᠶᠢᠨ ᠦᠶ᠎ᠡ ᠪᠡᠷ ᠮᠣᠩᠭᠣᠯ ᠤᠯᠤᠰ᠂ ᠰᠠᠦ᠋ᠳᠢ ᠶᠢᠨ ᠠᠷᠠᠪ ᠤᠨ ᠬᠠᠭᠠᠨᠲᠤ ᠤᠯᠤᠰ ᠬᠣᠭᠣᠷᠣᠨᠳᠣ ᠶᠢᠨ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠢᠳᠡᠪᠬᠢᠵᠢᠭᠦᠯᠦᠨ ᠬᠥᠭᠵᠢᠭᠦᠯᠬᠦ ᠠᠰᠠᠭᠤᠳᠠᠯ ᠤᠳ ᠢᠶᠠᠷ ᠳᠡᠯᠭᠡᠷᠡᠩᠭᠦᠢ ᠰᠠᠨᠠᠯ ᠰᠣᠯᠢᠯᠴᠠᠵᠤ᠂ ᠡᠨᠡ ᠤᠨ ᠳᠤ ᠬᠠᠷᠢᠯᠴᠠᠨ ᠳᠡᠭᠡᠳᠦ᠂ ᠥᠨᠳᠥᠷ ᠲᠦᠪᠰᠢᠨ ᠳᠦ ᠠᠢᠯᠴᠢᠯᠠᠬᠤ᠂ ᠬᠠᠷᠢᠯᠴᠠᠨ ᠠᠰᠢᠭᠲᠠᠢ ᠲᠥᠰᠥᠯ᠂ ᠬᠥᠲᠥᠯᠪᠦᠷᠢ ᠳᠦ ᠬᠥᠷᠥᠩᠭᠡ ᠣᠷᠣᠭᠤᠯᠤᠯᠲᠠ ᠲᠠᠲᠠᠬᠤ᠂ ᠬᠣᠶᠠᠷ ᠤᠯᠤᠰ ᠤᠨ ᠬᠠᠷᠢᠯᠴᠠᠭᠠᠨ ᠤ ᠡᠷᠬᠡ ᠵᠦᠢ ᠶᠢᠨ ᠦᠨᠳᠦᠰᠦ ᠶᠢ ᠪᠡᠬᠢᠵᠢᠭᠦᠯᠬᠦ ᠴᠢᠭᠯᠡᠯ ᠢᠶᠡᠷ ᠠᠵᠢᠯᠯᠠᠬᠤ ᠪᠠᠷ ᠰᠠᠨᠠᠯ ᠨᠢᠭᠡᠳᠪᠡ᠃
ᠡᠷᠬᠢᠮ ᠳᠡᠭᠡᠳᠦ ᠬᠠᠨ ᠬᠦᠦ ᠬᠣᠶᠠᠷ ᠤᠯᠤᠰ ᠤᠨ ᠨᠠᠶᠢᠷᠰᠠᠭ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠢᠳᠡᠪᠬᠢᠵᠢᠵᠦ ᠪᠠᠶᠢᠭ᠎ᠠ ᠳᠤ ᠪᠠᠶᠠᠷ ᠲᠠᠢ ᠪᠠᠶᠢᠭ᠎ᠠ ᠪᠠᠨ ᠢᠯᠡᠷᠬᠡᠶᠢᠯᠡᠭᠡᠳ᠂ ᠴᠢᠨᠠᠭᠰᠢᠳᠠ ᠪᠣᠯᠤᠮᠵᠢᠲᠤ ᠪᠦᠬᠦᠢ ᠯᠠ ᠰᠠᠯᠪᠤᠷᠢ ᠳᠤ ᠥᠷᠭᠡᠵᠢᠭᠦᠯᠦᠨ ᠬᠥᠭᠵᠢᠭᠦᠯᠬᠦ᠂ ᠲᠡᠷᠡ ᠳᠣᠲᠣᠷ᠎ᠠ ᠪᠠᠨ ᠪᠠᠶᠢᠭᠠᠯᠢ ᠣᠷᠴᠢᠨ᠂ ᠨᠣᠭᠣᠭᠠᠨ ᠬᠥᠭᠵᠢᠯ ᠦᠨ ᠴᠢᠭᠯᠡᠯ ᠢᠶᠡᠷ ᠬᠠᠮᠲᠤ ᠶᠢᠨ ᠠᠵᠢᠯᠯᠠᠭᠠᠨ ᠳᠤ ᠳᠡᠮᠵᠢᠯᠭᠡ ᠦᠵᠡᠭᠦᠯᠬᠦ ᠪᠡᠨ ᠣᠨᠴᠠᠯᠠᠪᠠ᠃