ᠶᠡᠷᠦᠩᠬᠡᠶᠢᠯᠡᠭᠴᠢ ᠶᠢᠨ ᠤᠷᠢᠯᠭ᠎ᠠ ᠪᠠᠷ ᠫᠠᠫ ᠹᠷᠠᠨᠼᠢᠰ ᠠᠶᠢᠯᠴᠢᠯᠠᠨ᠎ᠠ | News.MN

ᠶᠡᠷᠦᠩᠬᠡᠶᠢᠯᠡᠭᠴᠢ ᠶᠢᠨ ᠤᠷᠢᠯᠭ᠎ᠠ ᠪᠠᠷ ᠫᠠᠫ ᠹᠷᠠᠨᠼᠢᠰ ᠠᠶᠢᠯᠴᠢᠯᠠᠨ᠎ᠠ

ᠭᠡᠭᠡᠨ ᠰᠢᠷᠡᠭᠡᠲᠦ ᠤᠯᠤᠰ ᠤᠨ ᠲᠥᠷᠥ ᠶᠢᠨ ᠲᠡᠷᠢᠭᠦᠨ ᠫᠠᠫ ᠹᠷᠠᠨᠼᠢᠰ ᠮᠣᠩᠭᠣᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ  ᠬᠦᠷᠡᠯᠰᠦ᠋ᠬᠡ ᠶᠢᠨ ᠤᠷᠢᠯᠭ᠎ᠠ ᠪᠠᠷ ᠨᠠᠢ᠌ᠮᠠᠳᠤᠭᠠᠷ ᠰᠠᠷ᠎ᠠ ᠶᠢᠨ 31  ᠡᠴᠡ ᠶᠢᠰᠦᠳᠦᠭᠡᠷ ᠰᠠᠷ᠎ᠠ ᠶᠢᠨ 4  ᠳᠤ ᠮᠣᠩᠭᠣᠯ ᠤᠯᠤᠰ ᠲᠤ ᠲᠥᠷᠥ ᠶᠢᠨ ᠠᠶᠢᠯᠴᠢᠯᠠᠯ ᠬᠢᠨ᠎ᠡ᠃
ᠬᠡᠷᠪᠡ ᠫᠠᠫ ᠯᠠᠮᠠ ᠮᠣᠩᠭᠣᠯ ᠤᠯᠤᠰ ᠲᠤ ᠢᠷᠡᠪᠡᠯ ᠡᠨᠡ ᠨᠢ ᠲᠡᠭᠦᠨ ᠦ ᠠᠽᠢᠶ᠎ᠠ ᠶᠢᠨ ᠣᠷᠣᠨ ᠨᠤᠭᠤᠳ ᠲᠤ ᠬᠢᠵᠦ ᠪᠤᠢ ᠠᠩᠬᠠᠨ ᠤ ᠠᠶᠢᠯᠴᠢᠯᠠᠯ ᠪᠣᠯᠬᠤ ᠶᠤᠮ᠃《Reuters》ᠠᠭᠧᠨᠲᠯᠢᠭ ᠤᠨ ᠴᠠᠬᠢᠮ ᠬᠠᠭᠤᠳᠠᠰᠤᠨ ᠳᠤ ᠮᠣᠩᠭᠣᠯ ᠤᠯᠤᠰ ᠲᠤ 1500 ᠣᠷᠴᠢᠮ ᠺᠠᠲ᠋ᠣᠯᠢᠭ ᠱᠠᠰᠢᠨᠲᠠᠨ ᠪᠠᠶᠢᠳᠠᠭ ᠭᠡᠵᠡᠢ᠃ ᠷᠣᠮ ᠤᠨ ᠫᠠᠫ ᠹᠷᠠᠨᠼᠢᠰ ᠥᠩᠭᠡᠷᠡᠭᠰᠡᠨ ᠤᠨ ᠤ ᠨᠠᠢᠮᠠᠳᠤᠭᠠᠷ ᠰᠠᠷ᠎ᠠ ᠳᠤ ᠬᠠᠮᠪᠤ ᠯᠠᠮᠠ  ᠵᠤᠷᠵ ᠮᠠᠷᠧᠩᠭᠤ᠋  ᠶᠢ ᠮᠣᠩᠭᠣᠯ ᠳᠤ ᠰᠠᠭᠤᠷᠢᠰᠢᠭᠰᠠᠨ ᠠᠩᠬᠠᠨ ᠤ ᠺᠠᠷᠳᠢᠨᠠᠯ ᠢᠶᠠᠷ ᠨᠡᠷᠡᠯᠡᠭᠰᠡᠨ᠃

ᠰᠡᠳᠬᠢᠭᠳᠡᠯ ᠦᠯᠡᠳᠡᠭᠡᠬᠦ