ᠤᠯᠠᠭᠠᠨᠪᠠᠭᠠᠲᠤᠷ ᠲᠤ ᠳᠣᠯᠣᠳᠤᠭᠠᠷ ᠰᠠᠷ᠎ᠠ ᠶᠢᠨ 14-20 ᠤ ᠡᠳᠦᠷ ᠦᠳ ᠲᠦ ᠵᠢᠦ᠋ ᠵᠢᠴᠦ ᠶᠢᠨ ᠨᠠᠰᠤᠨ ᠳᠤ ᠬᠦᠷᠦᠭᠰᠡᠳ ᠦᠨ ᠬᠤᠷᠢᠳᠠᠬᠢ ᠤᠳᠠᠭ᠎ᠠ ᠶᠢᠨ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠪᠤᠯᠬᠤ ᠲᠤᠬᠠᠢ ᠮᠣᠩᠭᠣᠯ ᠤᠨ ᠵᠢᠦ᠋ ᠵᠢᠴᠦ ᠶᠢᠨ ᠬᠣᠯᠪᠣᠭᠠᠨ ᠠᠴᠠ ᠥᠴᠥᠭᠡᠳᠦᠷ ᠬᠡᠪᠯᠡᠯ ᠦᠨ ᠪᠠᠭ᠎ᠠ ᠬᠤᠷᠠᠯ ᠵᠠᠷᠯᠠᠵᠤ᠃ ᠰᠡᠳᠬᠦᠯᠴᠢᠳ ᠲᠦ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠪᠣᠯᠤᠨ ᠬᠣᠯᠪᠣᠭᠠᠨ ᠤ ᠪᠦᠲᠦᠴᠡ᠂ ᠵᠣᠬᠢᠶᠠᠨ ᠪᠠᠶᠢᠭᠤᠯᠤᠯᠲᠠ ᠪᠠᠨ ᠲᠠᠨᠢᠯᠴᠠᠭᠤᠯᠪᠠ᠃
ᠡᠨᠡ ᠦᠶ᠎ᠡ ᠪᠡᠷ ᠮᠣᠩᠭᠣᠯ ᠤᠨ ᠵᠢᠦ᠋ ᠵᠢᠴᠦ ᠶᠢᠨ ᠬᠣᠯᠪᠣᠭᠠᠨ ᠤ ᠤᠳᠤᠷᠢᠳᠬᠤ ᠵᠥᠪᠯᠡᠯ᠂ ᠳᠡᠳ᠋ ᠶᠡᠷᠦᠩᠬᠡᠶᠢᠯᠡᠭᠴᠢ ᠪᠡᠨ ᠲᠠᠨᠢᠯᠴᠠᠭᠤᠯᠤᠭᠰᠠᠨ ᠠᠴᠠ ᠭᠠᠳᠠᠨ᠎ᠠ《ᠮᠥᠩᠭᠥᠨ》᠂《ᠬᠦᠷᠡᠯ》ᠲᠦᠩᠰᠢ ᠺᠣᠮᠫᠠᠨᠢ᠂ ᠪᠠᠶᠢᠭᠤᠯᠤᠯᠭ᠎ᠠ ᠨᠤᠭᠤᠳ ᠲᠠᠢ ᠠᠯᠪᠠᠨ ᠶᠣᠰᠣᠭᠠᠷ ᠬᠠᠮᠲᠤᠷᠠᠵᠤ ᠠᠵᠢᠯᠯᠠᠬᠤ ᠭᠡᠷ᠎ᠡ ᠳᠦ ᠭᠠᠷ ᠤᠨ ᠦᠰᠦᠭ ᠵᠢᠷᠤᠭᠰᠠᠨ ᠶᠤᠮ᠃
ᠤᠯᠠᠨ ᠤᠯᠤᠰ ᠤᠨ ᠵᠢᠦ᠋ ᠵᠢᠴᠦ ᠶᠢᠨ ᠬᠤᠯᠪᠤᠭᠠᠨ ᠠᠴᠠ 2022 ᠣᠨ ᠤ ᠳᠥᠷᠪᠡᠳᠦᠭᠡᠷ ᠰᠠᠷ᠎ᠠ ᠳᠤ ᠬᠤᠷᠢᠳᠠᠬᠢ ᠤᠳᠠᠭ᠎ᠠ ᠶᠢᠨ ᠵᠢᠦ᠋ ᠵᠢᠴᠦ ᠶᠢᠨ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠢ ᠮᠠᠨ ᠤ ᠣᠷᠣᠨ ᠳᠤ ᠵᠣᠬᠢᠶᠠᠨ ᠪᠠᠶᠢᠭᠤᠯᠬᠤ ᠡᠷᠬᠡ ᠶᠢ ᠥᠭᠭᠦᠭᠰᠡᠨ᠃ 《 ᠠᠨᠳᠠᠯᠠᠯ᠂ ᠬᠦᠨᠳᠦᠯᠡᠯ᠂ ᠬᠦᠭᠵᠢᠯ》ᠤᠷᠢᠶ᠎ᠠ ᠲᠠᠢ ᠡᠨᠡ ᠲᠡᠮᠡᠴᠡᠭᠡᠨ ᠳᠦ 60 ᠭᠠᠷᠤᠢ ᠣᠷᠣᠨ ᠤ 1000 ᠣᠷᠴᠢᠮ ᠰᠢᠯᠢᠳᠡᠭ ᠲᠠᠮᠢᠷᠴᠢᠨ ᠥᠷᠢᠰᠦᠯᠳᠦᠨ᠎ᠡ᠃