ᠮᠣᠩᠭᠣᠯ ᠪᠠᠩᠬᠢ ᠡᠨᠡ ᠣᠨ ᠤ ᠲᠠᠪᠤᠳᠤᠭᠠᠷ ᠰᠠᠷ᠎ᠠ ᠳᠤ 2417.8 ᠺᠢᠯᠦᠭᠷᠡᠮ ᠠᠯᠲᠠ ᠬᠤᠳᠠᠯᠳᠤᠨ ᠠᠪᠤᠭᠰᠠᠨ ᠪᠠᠶᠢᠨ᠎ᠠ᠃ ᠡᠨᠡ ᠨᠢ ᠡᠮᠦᠨᠡᠬᠢ ᠣᠨ ᠤ ᠮᠥᠨ ᠦᠶ᠎ᠡ ᠲᠡᠢ ᠬᠠᠷᠢᠴᠠᠭᠤᠯᠪᠠᠯ 12.3 ᠬᠤᠪᠢ ᠪᠠᠷ ᠥᠰᠦᠭᠰᠡᠨ ᠦᠵᠡᠭᠦᠯᠦᠯᠲᠡ ᠪᠣᠯᠤᠯ᠎ᠠ᠃
ᠬᠠᠷᠢᠨ ᠣᠨ ᠤ ᠡᠬᠢᠨ ᠡᠴᠡ ᠤᠳᠤ ᠪᠤᠯᠲᠠᠯ᠎ᠠ 5.6 ᠲᠣᠨ ᠦᠨᠡᠲᠦ ᠮᠧᠲ᠋ᠠᠯ ᠬᠤᠳᠠᠯᠳᠤᠨ ᠠᠪᠤᠭᠰᠠᠨ ᠨᠢ ᠡᠮᠦᠨᠡᠬᠢ ᠣᠨ ᠠᠴᠠ 4.9 ᠬᠤᠪᠢ ᠪᠠᠷ ᠪᠠᠭᠤᠷᠠᠭᠰᠠᠨ ᠪᠠᠶᠢᠨ᠎ᠠ᠃ ᠣᠨ ᠤ ᠡᠬᠢᠨ ᠦ ᠲᠠᠪᠤᠨ ᠰᠠᠷ᠎ᠠ ᠶᠢᠨ ᠬᠤᠭᠤᠴᠠᠭᠠᠨ ᠳᠤ ᠳᠠᠷᠬᠠᠨ-ᠠᠭᠤᠯᠠ ᠠᠶᠢᠮᠠᠭ ᠳᠠᠬᠢ ᠮᠣᠩᠭᠣᠯ ᠪᠠᠩᠭᠢᠨ ᠤ ᠬᠡᠯᠲᠡᠰ 425.5 ᠺᠢᠯᠦᠭᠷᠡᠮ ᠠᠯᠲᠠ ᠬᠤᠳᠠᠯᠳᠤᠨ ᠠᠪᠤᠭᠰᠠᠨ ᠪᠣᠯ ᠪᠠᠶᠠᠨᠬᠣᠩᠭᠣᠷ ᠠᠶᠢᠮᠠᠭ ᠳᠠᠬᠢ ᠮᠣᠩᠭᠣᠯ ᠪᠠᠩᠭᠢᠨ ᠤ ᠬᠡᠯᠲᠡᠰ 422.6 ᠺᠢᠯᠦᠭᠷᠡᠮ ᠦᠨᠡᠲᠦ ᠮᠧᠲ᠋ᠠᠯ ᠬᠤᠳᠠᠯᠳᠤᠨ ᠠᠪᠴᠠᠢ᠃
ᠣᠯᠠᠨ ᠤᠯᠤᠰ ᠤᠨ ᠵᠠᠬ᠎ᠠ ᠵᠡᠭᠡᠯᠢ ᠳᠦ ᠠᠯᠲᠠᠨ ᠤ ᠦᠨ᠎ᠡ ᠶᠢᠨ ᠲᠥᠯᠥᠪ ᠢ ᠢᠯᠡᠭᠦᠦ ᠤᠷᠲᠤ ᠬᠤᠭᠤᠴᠠᠭᠠᠨ ᠳᠤ ᠨᠢ ᠬᠠᠷᠠᠪᠠᠯ 2023 ᠣᠨ ᠳᠤ ᠤᠨᠼ ᠨᠢ 1900 ᠳ᠋ᠣᠯᠯᠠᠷ᠂ 2024 ᠣᠨ ᠳᠤ 1750 ᠳ᠋ᠣᠯᠯᠠᠷ ᠪᠣᠯᠵᠤ ᠪᠠᠭᠤᠷᠠᠬᠤ ᠲᠥᠯᠥᠪ ᠲᠡᠢ ᠪᠠᠶᠢᠭ᠎ᠠ ᠶᠢ ᠳᠡᠯᠡᠬᠡᠢ ᠶᠢᠨ ᠪᠠᠩᠬᠢᠨ ᠤ ᠰᠢᠨᠵᠢᠭᠡᠴᠢᠳ ᠮᠡᠳᠡᠭᠡᠯᠡᠵᠦ ᠪᠠᠶᠢᠭᠰᠠᠨ ᠶᠤᠮ᠃ ᠬᠠᠷᠢᠨ《Fitch》ᠠᠭᠧᠨᠲᠯᠢᠭ 2023 ᠣᠨ ᠳᠤ ᠠᠯᠲᠠᠨ ᠤ ᠦᠨ᠎ᠡ 1950 ᠳ᠋ᠣᠯᠯᠠᠷ ᠲᠤ ᠬᠡᠯᠪᠡᠯᠵᠡᠨ᠎ᠡ ᠭᠡᠵᠦ ᠲᠣᠭᠠᠴᠠᠭᠠᠯᠠᠵᠤ ᠪᠠᠶᠢᠭ᠎ᠠ ᠶᠤᠮ᠃