ᠮᠣᠩᠭᠣᠯ ᠤᠯᠤᠰ ᠤᠨ ᠴᠠᠬᠢᠮ ᠬᠤᠳᠠᠯᠳᠤᠭᠠᠨ ᠤ ᠪᠡᠯᠡᠨ ᠪᠠᠶᠢᠳᠠᠯ ᠤᠨ ᠦᠨᠡᠯᠡᠭᠡᠨ ᠦ ᠲᠠᠢᠯᠤᠨ ᠢ ᠲᠠᠨᠢᠯᠴᠠᠭᠤᠯᠬᠤ ᠵᠣᠷᠢᠯᠭ᠎ᠠ ᠲᠠᠢ 《ᠬᠥᠭᠵᠢᠯ ᠦᠨ ᠲᠦᠩᠰᠢ ᠨᠦᠭᠦᠳ ᠤᠨ ᠳᠤᠭᠤᠢ ᠰᠢᠷᠡᠭᠡᠨ ᠦ ᠠᠭᠤᠯᠵᠠᠯᠲᠠ》 ᠪᠣᠯᠤᠨ 《ᠴᠠᠬᠢᠮ ᠬᠤᠳᠠᠯᠳᠤᠭᠠᠨ ᠤ ᠲᠠᠢᠯᠤᠨ ᠤ ᠨᠡᠭᠡᠭᠡᠯᠲᠡ》 ᠠᠷᠭ᠎ᠠ ᠬᠡᠮᠵᠢᠶ᠎ᠡ ᠶᠢ ᠭᠠᠳᠠᠭᠠᠳᠤ ᠬᠠᠷᠢᠯᠴᠠᠭᠠᠨ ᠤ ᠶᠠᠮᠤᠨ᠂ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠶᠠᠮᠤᠨ᠂ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠬᠤᠳᠠᠯᠳᠤᠭ᠎ᠠ᠂ ᠬᠥᠭᠵᠢᠯ ᠦᠨ ᠪᠠᠭ᠎ᠠ ᠬᠤᠷᠠᠯ︵UNCTAD︶ᠬᠠᠮᠲᠤᠷᠠᠨ 2023 ᠣᠨ ᠤ 6 ᠳ᠋ᠤᠭᠠᠷ ᠰᠠᠷ᠎ᠠ ᠶᠢᠨ 7-8 ᠳᠦ ᠲᠤᠰ ᠲᠤᠰ ᠵᠣᠬᠢᠶᠠᠨ ᠪᠠᠶᠢᠭᠤᠯᠪᠠ᠃
《ᠬᠥᠭᠵᠢᠯ ᠦᠨ ᠲᠦᠩᠰᠢ ᠨᠦᠭᠦᠳ ᠤᠨ ᠳᠤᠭᠤᠢ ᠰᠢᠷᠡᠭᠡᠨ ᠦ ᠠᠭᠤᠯᠵᠠᠯᠲᠠ》 ᠶᠢ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠰᠠᠶᠢᠳ ᠨ ∙ ᠤᠴᠠᠷᠠᠯ᠂《ᠴᠠᠬᠢᠮ ᠬᠤᠳᠠᠯᠳᠤᠭᠠᠨ ᠤ ᠲᠠᠢᠯᠤᠨ ᠤ ᠨᠡᠭᠡᠭᠡᠯᠲᠡ》ᠠᠷᠭ᠎ᠠ ᠬᠡᠮᠵᠢᠶ᠎ᠡ ᠶᠢ ᠭᠠᠳᠠᠭᠠᠳᠤ ᠬᠠᠷᠢᠯᠴᠠᠭᠠᠨ ᠤ ᠶᠠᠮᠤᠨ ᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠨ ∙ ᠠᠩᠬᠠᠪᠠᠶᠠᠷ ᠲᠤᠰ ᠲᠤᠰ ᠨᠡᠭᠡᠭᠡᠵᠦ ᠦᠭᠡ ᠬᠡᠯᠡᠪᠡ᠃
ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠬᠤᠳᠠᠯᠳᠤᠭ᠎ᠠ᠂ ᠬᠥᠭᠵᠢᠯ ᠦᠨ ᠪᠠᠭ᠎ᠠ ᠬᠤᠷᠠᠯ 2017 ᠣᠨ ᠠᠴᠠ ᠬᠣᠶᠢᠰᠢ 32 ᠤᠯᠤᠰ ᠤᠨ ᠴᠠᠬᠢᠮ ᠬᠤᠳᠠᠯᠳᠤᠭᠠᠨ ᠤ ᠪᠡᠯᠡᠨ ᠪᠠᠶᠢᠳᠠᠯ ᠤᠨ ᠦᠨᠡᠯᠡᠭᠡ ᠶᠢ ᠬᠢᠭᠰᠡᠨ ᠪᠥᠭᠡᠳ ᠮᠣᠩᠭᠣᠯ ᠤᠯᠤᠰ ᠲᠤᠰ ᠦᠨᠡᠯᠡᠭᠡ ᠶᠢ ᠬᠢᠯᠭᠡᠭᠰᠡᠨ 33 ᠳ᠋ᠠᠬᠢ ᠣᠷᠣᠨ ᠪᠣᠯᠪᠠ᠃