ᠭ ∙ ᠽᠠᠨᠳᠠᠨᠰᠢᠲᠠᠷ᠎ᠠ᠄ ᠠᠯᠲᠠᠢ ᠳᠠᠮᠨᠠᠭᠰᠠᠨ ᠤᠯᠤᠰ ᠣᠷᠣᠨ ᠨᠤᠭᠤᠳ ᠤᠨ ᠬᠠᠮᠲᠤ ᠶᠢᠨ ᠠᠵᠢᠯᠯᠠᠭ᠎ᠠ ᠶᠢ ᠪᠡᠬᠢᠵᠢᠭᠦᠯᠦᠨ᠎ᠡ | News.MN

ᠭ ∙ ᠽᠠᠨᠳᠠᠨᠰᠢᠲᠠᠷ᠎ᠠ᠄ ᠠᠯᠲᠠᠢ ᠳᠠᠮᠨᠠᠭᠰᠠᠨ ᠤᠯᠤᠰ ᠣᠷᠣᠨ ᠨᠤᠭᠤᠳ ᠤᠨ ᠬᠠᠮᠲᠤ ᠶᠢᠨ ᠠᠵᠢᠯᠯᠠᠭ᠎ᠠ ᠶᠢ ᠪᠡᠬᠢᠵᠢᠭᠦᠯᠦᠨ᠎ᠡ

ᠲᠡᠦᠬᠡᠨ ᠪᠣᠯᠤᠨ ᠤᠯᠠᠮᠵᠢᠯᠠᠯᠲᠤ ᠦᠨᠡᠲᠦ ᠵᠦᠢᠯᠡᠰ ᠦᠨ ᠰᠤᠳᠤᠯᠤᠯ ᠢ ᠣᠷᠴᠢᠨ ᠦᠶ᠎ᠡ ᠶᠢᠨ ᠬᠥᠭᠵᠢᠯ ᠦᠨ ᠴᠢᠭ ᠬᠠᠨᠳᠤᠯᠭ᠎ᠠ᠂ ᠲᠧᠭᠨᠣᠯᠣᠭᠢ ᠶᠢᠨ ᠳᠡᠪᠰᠢᠯ᠂ ᠨᠡᠶᠢᠭᠡᠮ ᠤᠨ ᠬᠠᠷᠢᠯᠴᠠᠭᠠᠨ ᠤ ᠵᠢᠮ᠎ᠠ ᠶᠣᠰᠣᠨ ᠤ ᠵᠠᠷᠴᠢᠮ ᠢᠶᠠᠷ ᠤᠶᠠᠯᠳᠤᠭᠤᠯᠤᠨ ᠠᠪᠴᠤ ᠦᠵᠡᠵᠦ᠂ ᠢᠷᠡᠭᠡᠳᠦᠢ ᠶᠢᠨ ᠮᠠᠩᠯᠠᠶᠢᠯᠠᠭᠴᠢᠳ ᠤᠨ ᠪᠠᠶᠢᠩᠭᠤ ᠶᠢᠨ ᠲᠦᠩᠰᠢᠯᠡᠯ ᠢ ᠪᠡᠬᠢᠵᠢᠭᠦᠯᠦᠨ᠂ ᠬᠠᠮᠲᠤ ᠶᠢᠨ ᠠᠵᠢᠯᠯᠠᠭᠠᠨ ᠤ ᠴᠠᠷ ᠳᠠᠯᠠᠶᠢᠴᠠ ᠶᠢ ᠲᠡᠯᠡᠬᠦ ᠵᠣᠷᠢᠯᠭ᠎ᠠ ᠲᠠᠢ 《ᠠᠯᠲᠠᠢ ᠳᠠᠮᠨᠠᠭᠰᠠᠨ ᠲᠣᠭᠲᠠᠪᠤᠷᠢᠲᠠᠢ ᠪᠠᠶᠢᠳᠠᠯ ᠤᠨ ᠶᠠᠷᠢᠶ᠎ᠠ ᠬᠡᠯᠡᠯᠴᠡᠭᠡ》ᠴᠢᠭᠤᠯᠭ᠎ᠠ ᠠᠭᠤᠯᠵᠠᠯᠲᠠ ᠮᠠᠷᠭᠠᠰᠢ ᠡᠬᠢᠯᠡᠨ᠎ᠡ᠃
06 ᠰᠠᠷ᠎ᠠ ᠶᠢᠨ12 ᠲᠤ ᠮᠣᠩᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠭ ∙ ᠽᠠᠨᠳᠠᠨᠰᠢᠲᠠᠷ᠎ᠠ ᠲᠦᠷᠦᠭ ᠤᠭᠰᠠᠭᠠᠨ ᠤ ᠤᠯᠤᠰ ᠣᠷᠣᠨ ᠨᠤᠭᠤᠳ ᠤᠨ ᠫᠠᠷᠯᠠᠮᠧᠨᠲ ᠤᠨ ᠠᠰᠰᠠᠮᠪᠯᠧᠢ  ᠶᠢᠨ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠨᠣᠶᠠᠨ ᠮᠧᠾᠮᠧᠲ ᠰᠤᠷᠧᠶ᠎ᠠ ᠡᠷ ᠲᠡᠷᠢᠭᠦᠲᠡᠢ ᠲᠥᠯᠥᠭᠡᠯᠡᠭᠴᠢᠳ ᠢ ᠬᠦᠯᠢᠶᠡᠨ ᠠᠪᠴᠤ ᠠᠭᠤᠯᠵᠠᠯ᠎ᠠ᠃ ᠲᠡᠷᠡ ᠮᠠᠨ ᠤ ᠤᠯᠤᠰ ᠭᠤᠷᠪᠠᠳᠠᠭᠴᠢ ᠬᠥᠷᠰᠢ ᠶᠢᠨ ᠪᠣᠳᠣᠯᠭ᠎ᠠ ᠶᠢᠨ ᠬᠦᠷᠢᠶᠡᠨ ᠳᠦ ᠪᠦᠭᠦᠳᠡ ᠨᠠᠢᠷᠠᠮᠳᠠᠬᠤ ᠲᠦᠷᠺ ᠤᠯᠤᠰ ᠲᠠᠢ ᠲᠦᠩᠰᠢᠯᠡᠯ ᠦᠨ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠣᠯᠠᠨ ᠲᠠᠯᠠᠲᠤ ᠬᠡᠯᠪᠡᠷᠢ ᠪᠡᠷ ᠥᠷᠭᠡᠵᠢᠭᠦᠯᠦᠨ ᠬᠥᠭᠵᠢᠭᠦᠯᠬᠦ ᠡᠷᠡᠮᠡᠯᠵᠡᠯ ᠲᠡᠢ ᠭᠡᠳᠡᠭ ᠢ ᠣᠨᠴᠠᠯᠠᠭᠰᠠᠨ ᠶᠤᠮ᠃
ᠮᠧᠾᠮᠧᠲ ᠰᠤᠷᠧᠶ᠎ᠠ ᠡᠷ᠂ ᠮᠠᠨ ᠤ ᠬᠣᠶᠠᠷ ᠣᠷᠣᠨ ᠬᠡᠯᠡ᠂ ᠰᠤᠶᠤᠯ᠂ ᠲᠡᠦᠬᠡ ᠶᠢᠨ ᠨᠡᠶᠢᠲᠡᠯᠢᠭ ᠦᠨᠡᠲᠦ ᠵᠦᠢᠯᠡᠰ ᠲᠡᠢ ᠭᠡᠳᠡᠭ ᠢ ᠴᠣᠬᠣᠨ ᠲᠡᠮᠳᠡᠭᠯᠡᠭᠡᠳ᠂ ᠥᠨᠢ ᠡᠷᠲᠡᠨ ᠦ ᠨᠠᠶᠢᠷᠰᠠᠭ ᠬᠠᠷᠢᠯᠴᠠᠭ᠎ᠠ ᠶᠢ ᠤᠯᠠᠮ ᠪᠡᠬᠢᠵᠢᠭᠦᠯᠦᠨ ᠲᠡᠦᠬᠡ᠂ ᠰᠤᠶᠤᠯ᠂ ᠰᠢᠨᠵᠢᠯᠡᠬᠦ ᠤᠬᠠᠭᠠᠨ ᠤ ᠰᠠᠯᠪᠤᠷᠢ ᠶᠢᠨ ᠬᠠᠮᠲᠤ ᠶᠢᠨ ᠠᠵᠢᠯᠯᠠᠭ᠎ᠠ ᠶᠢ ᠨᠡᠮᠡᠭᠳᠡᠭᠦᠯᠬᠦ ᠳᠦ ᠡᠨᠡ ᠤᠳᠠᠭ᠎ᠠ ᠶᠢᠨ ᠴᠢᠭᠤᠯᠭ᠎ᠠ ᠠᠭᠤᠯᠵᠠᠯᠲᠠ ᠥᠨᠳᠥᠷ ᠠᠴᠢ ᠬᠣᠯᠪᠣᠭᠳᠠᠯ ᠲᠠᠢ ᠶᠢ ᠳᠤᠷᠠᠳᠪᠠ᠃
ᠵᠥᠪᠬᠡᠨ ᠭᠠᠵᠠᠷ ᠵᠦᠢ ᠶᠢᠨ ᠪᠠᠶᠢᠷᠢᠰᠢᠯ ᠢᠶᠠᠷ ᠬᠢᠵᠠᠭᠠᠷᠯᠠᠭᠳᠠᠬᠤ ᠪᠤᠰᠤ ᠲᠥᠷᠥ᠂ ᠨᠡᠶᠢᠭᠡᠮ ᠤᠨ ᠪᠦᠯᠦᠭ ᠦᠳ᠂ ᠡᠳ᠋ ᠦᠨ ᠵᠠᠰᠠᠭ ᠤᠨ ᠪᠣᠯᠤᠨ ᠨᠠᠰᠤ᠂ ᠬᠦᠢᠰᠦ ᠶᠢᠨ ᠬᠦᠷᠢᠶᠡᠯᠡᠯ ᠢᠶᠡᠷ ᠣᠷᠣᠯᠴᠠᠭ᠎ᠠ ᠶᠢ ᠵᠢᠭᠳᠡ ᠬᠠᠮᠤᠷᠤᠭᠤᠯᠵᠤ᠂ ᠲᠣᠭᠲᠠᠪᠤᠷᠢᠲᠠᠢ ᠬᠥᠭᠵᠢᠯ ᠦᠨ ᠵᠣᠷᠢᠯᠲᠠ ᠨᠤᠭᠤᠳ ᠢ ᠠᠷᠠᠳ ᠲᠦᠮᠡᠨ ᠨᠦᠭᠦᠳ ᠦᠨ ᠲᠡᠦᠬᠡ᠂ ᠤᠯᠠᠮᠵᠢᠯᠠᠯ᠂ ᠣᠶᠤᠨ ᠰᠡᠳᠬᠢᠬᠦᠢ ᠶᠢᠨ ᠣᠨᠴᠠᠯᠢᠭ᠂ ᠨᠡᠶᠢᠭᠡᠮ ᠤᠨ ᠳᠡᠪᠰᠢᠯ ᠦᠨ ᠴᠢᠭ ᠬᠠᠨᠳᠤᠯᠭ᠎ᠠ ᠲᠠᠢ ᠨᠢ ᠤᠶᠠᠯᠳᠤᠭᠤᠯᠬᠤ ᠪᠣᠯᠤᠮᠵᠢ ᠪᠥᠷᠢᠳᠴᠦ ᠪᠤᠢ ᠭᠡᠳᠡᠭ ᠲᠡᠢ ᠲᠠᠯ᠎ᠠ ᠨᠤᠭᠤᠳ ᠰᠠᠨᠠᠯ ᠨᠢᠭᠡᠳᠦᠯ᠎ᠡ᠃

 

ᠰᠡᠳᠬᠢᠭᠳᠡᠯ ᠦᠯᠡᠳᠡᠭᠡᠬᠦ