ᠮᠣᠩᠭᠣᠯ᠂ ᠡᠰᠲ᠋ᠤᠨᠢ ᠶᠢᠨ ᠴᠠᠬᠢᠮ ᠵᠠᠰᠠᠭᠯᠠᠯ ᠤᠨ ᠬᠠᠮᠲᠤ ᠶᠢᠨ ᠠᠵᠢᠯᠯᠠᠭ᠎ᠠ ᠦᠷᠭᠡᠵᠢᠵᠡᠢ | News.MN

ᠮᠣᠩᠭᠣᠯ᠂ ᠡᠰᠲ᠋ᠤᠨᠢ ᠶᠢᠨ ᠴᠠᠬᠢᠮ ᠵᠠᠰᠠᠭᠯᠠᠯ ᠤᠨ ᠬᠠᠮᠲᠤ ᠶᠢᠨ ᠠᠵᠢᠯᠯᠠᠭ᠎ᠠ ᠦᠷᠭᠡᠵᠢᠵᠡᠢ

ᠭᠠᠳᠠᠭᠠᠳᠤ ᠬᠠᠷᠢᠯᠴᠠᠭᠠᠨ ᠤ ᠶᠠᠮᠤᠨ ᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠨ∙ᠠᠩᠬᠠᠪᠠᠶᠠᠷ ᠮᠣᠩᠭᠣᠯ᠂ ᠡᠰᠲ᠋ᠤᠨᠢ ᠶᠢᠨ ᠭᠠᠳᠠᠭᠠᠳᠤ ᠬᠠᠷᠢᠯᠴᠠᠭᠠᠨ ᠤ ᠶᠠᠮᠤᠨ ᠬᠣᠭᠣᠷᠣᠨᠳᠣ ᠶᠢᠨ ᠤᠯᠤᠰ ᠲᠥᠷᠥ ᠶᠢᠨ ᠭᠤᠷᠪᠠᠳᠤᠭᠠᠷ ᠵᠥᠪᠯᠡᠯᠳᠦᠬᠦ ᠠᠭᠤᠯᠵᠠᠯᠲᠠ ᠶᠢᠨ ᠦᠶ᠎ᠡ ᠪᠡᠷ ᠡᠰᠲ᠋ᠣᠨᠢ ᠤᠯᠤᠰ ᠤᠨ ᠭᠠᠳᠠᠭᠠᠳᠤ ᠬᠠᠷᠢᠯᠴᠠᠭᠠᠨ ᠤ ᠶᠠᠮᠤᠨ ᠤ ᠠᠽᠢᠶ᠎ᠠ᠂ ᠨᠣᠮᠣᠬᠠᠨ ᠳᠠᠯᠠᠢ ᠶᠢᠨ ᠣᠷᠣᠨ ᠨᠤᠭᠤᠳ ᠤᠨ ᠭᠠᠵᠠᠷ ᠤᠨ ᠵᠠᠬᠢᠷᠤᠯ ᠮᠠᠲ᠋ᠠᠲ᠋ᠢ ᠮᠤᠷᠳ᠋ ᠲᠡᠷᠢᠭᠦᠲᠡᠢ ᠲᠥᠯᠥᠭᠡᠯᠡᠭᠴᠢᠳ ᠢ 6 ᠳ᠋ᠤᠭᠠᠷ ᠰᠠᠷ᠎ᠠ ᠶᠢᠨ 13  ᠳᠤ ᠬᠦᠯᠢᠶᠡᠨ ᠠᠪᠴᠤ ᠠᠭᠤᠯᠵᠠᠪᠠ᠃
ᠨ∙ᠠᠩᠬᠠᠪᠠᠶᠠᠷ ᠮᠣᠩᠭᠣᠯ᠂ ᠡᠰᠲ᠋ᠤᠨᠢ ᠶᠢᠨ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠴᠠᠬᠢᠮ ᠵᠠᠰᠠᠭᠯᠠᠯ᠂ ᠮᠡᠳᠡᠭᠡᠯᠡᠯ ᠲᠧᠭᠨᠣᠯᠣᠭᠢ ᠶᠢᠨ ᠰᠠᠯᠪᠤᠷᠢ ᠳᠤ ᠢᠳᠡᠪᠬᠢᠲᠡᠢ ᠥᠷᠨᠢᠵᠦ ᠪᠠᠶᠢᠭ᠎ᠠ ᠳᠤ ᠰᠡᠳᠬᠢᠯ ᠬᠠᠩᠭᠠᠯᠤᠭᠤᠨ ᠪᠠᠶᠢᠭ᠎ᠠ ᠪᠠᠨ ᠢᠯᠡᠷᠬᠡᠶᠢᠯᠡᠪᠠ᠃ ᠮᠥᠨ ᠬᠣᠶᠠᠷ ᠲᠠᠯ᠎ᠠ ᠶᠢᠨ ᠤᠯᠤᠰ ᠲᠥᠷᠥ ᠶᠢᠨ ᠶᠠᠷᠢᠶ᠎ᠠ ᠬᠡᠯᠡᠯᠴᠡᠭᠡᠨ ᠦ ᠳᠠᠪᠲᠠᠮᠵᠢ ᠶᠢ ᠨᠡᠮᠡᠭᠳᠡᠭᠦᠯᠬᠦ᠂ ᠳᠡᠭᠡᠳᠦ᠂ ᠥᠨᠳᠥᠷ ᠲᠦᠪᠰᠢᠨ ᠦ ᠠᠶᠢᠯᠴᠢᠯᠠᠯ ᠬᠠᠷᠢᠯᠴᠠᠨ ᠬᠡᠷᠡᠭᠵᠢᠭᠦᠯᠬᠦ ᠵᠡᠷᠭᠡ ᠠᠰᠠᠭᠤᠳᠠᠯ ᠢᠶᠠᠷ ᠶᠠᠷᠢᠯᠴᠠᠪᠠ᠃ ᠲᠡᠭᠦᠨᠴᠢᠯᠡᠨ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠪᠣᠯᠤᠨ ᠣᠯᠠᠨ ᠤᠯᠤᠰ ᠤᠨ ᠪᠠᠶᠢᠭᠤᠯᠤᠯᠭ᠎ᠠ ᠶᠢᠨ ᠬᠦᠷᠢᠶᠡᠨ ᠳᠦ ᠬᠠᠮᠲᠤ ᠶᠢᠨ ᠠᠵᠢᠯᠯᠠᠭ᠎ᠠ ᠶᠢ ᠪᠡᠬᠢᠵᠢᠭᠦᠯᠬᠦ ᠲᠠᠯ᠎ᠠ ᠪᠠᠷ ᠰᠠᠨᠠᠯ ᠰᠤᠯᠢᠯᠴᠠᠪᠠ᠃

ᠰᠡᠳᠬᠢᠭᠳᠡᠯ ᠦᠯᠡᠳᠡᠭᠡᠬᠦ