ᠶᠡᠷᠦᠩᠬᠡᠢ ᠰᠠᠶᠢᠳ ᠬᠢᠲᠠᠳ ᠲᠤ ᠠᠶᠢᠯᠴᠢᠯᠠᠨ᠎ᠠ | News.MN

ᠶᠡᠷᠦᠩᠬᠡᠢ ᠰᠠᠶᠢᠳ ᠬᠢᠲᠠᠳ ᠲᠤ ᠠᠶᠢᠯᠴᠢᠯᠠᠨ᠎ᠠ

ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠳᠠᠷᠤᠭ᠎ᠠ ᠳ∙ᠠᠮᠤᠷᠪᠠᠶᠠᠰᠬᠤᠯᠠᠩ ᠵᠠᠰᠠᠭ ᠤᠨ ᠭᠠᠵᠠᠷ ᠤᠨ ᠡᠭᠡᠯᠵᠢᠲᠦ ᠬᠤᠷᠠᠯᠳᠤᠭᠠᠨ ᠤ ᠰᠢᠢᠳᠪᠦᠷᠢ ᠶᠢᠨ ᠲᠠᠯ᠎ᠠ ᠪᠠᠷ ᠲᠠᠨᠢᠯᠴᠠᠭᠤᠯᠬᠤ ᠳᠤ ᠪᠠᠨ ᠶᠡᠷᠦᠩᠬᠡᠢ ᠰᠠᠶᠢᠳ ᠯ∙ᠤᠶᠤᠡᠡᠷᠳᠡᠨᠢ ᠬᠢᠲᠠᠳ ᠲᠤ ᠠᠶᠢᠯᠴᠢᠯᠠᠯ ᠬᠢᠬᠦ ᠭᠡᠵᠦ ᠪᠠᠶᠢᠭ᠎ᠠ ᠲᠠᠯ᠎ᠠ ᠪᠠᠷ ᠳᠤᠷᠠᠳᠤᠯ᠎ᠠ᠃ ᠲᠡᠷᠡ ᠪᠡᠷ᠄ ᠮᠣᠩᠭᠣᠯ ᠤᠯᠤᠰ ᠤᠨ ᠶᠡᠷᠦᠩᠬᠡᠢ ᠰᠠᠶᠢᠳ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠲᠤ ᠬᠢᠬᠦ ᠠᠯᠪᠠᠨ ᠶᠣᠰᠣᠨ ᠤ ᠠᠶᠢᠯᠴᠢᠯᠠᠯ ᠤᠨ ᠴᠠᠭ ᠢ ᠬᠣᠶᠠᠷ ᠤᠯᠤᠰ ᠤᠨ ᠵᠠᠰᠠᠭ ᠤᠨ ᠭᠠᠵᠠᠷ ᠤᠨ ᠬᠣᠭᠣᠷᠣᠨᠳᠣ ᠲᠣᠬᠢᠷᠠᠭᠰᠠᠨ᠃ ᠠᠶᠢᠯᠴᠢᠯᠠᠯ ᠬᠢᠬᠦ ᠡᠳᠦᠷ ᠨᠢᠭᠤᠴᠠᠯᠠᠯ ᠤᠨ ᠵᠡᠷᠭᠡ ᠲᠡᠢ ᠲᠤᠯᠠ ᠮᠡᠳᠡᠭᠡᠯᠡᠬᠦ ᠪᠣᠯᠤᠮᠵᠢ ᠦᠭᠡᠢ᠃

ᠬᠢᠲᠠᠳ ᠤᠯᠤᠰ ᠠᠶᠢᠯᠴᠢᠯᠠᠯ ᠤᠨ ᠬᠦᠰᠡᠯᠲᠡ ᠳᠦ ᠲᠠᠲᠠᠭᠠᠯᠵᠠᠭᠰᠠᠨ ᠵᠦᠢᠯ ᠣᠭᠲᠣ ᠪᠠᠶᠢᠬᠤ ᠦᠭᠡᠢ᠃ ᠡᠨᠡ ᠬᠦ ᠠᠶᠢᠯᠴᠢᠯᠠᠯ ᠨᠢ ᠬᠣᠶᠠᠷ ᠤᠯᠤᠰ ᠤᠨ ᠬᠤᠪᠢ ᠳᠤ ᠡᠳ᠋  ᠦᠨ ᠵᠠᠰᠠᠭ ᠤᠨ ᠥᠨᠳᠥᠷ ᠠᠴᠢ ᠬᠣᠯᠪᠣᠭᠳᠠᠯ ᠲᠠᠢ᠂ ᠡᠺᠰᠫᠣᠷᠲ᠂ ᠢᠮᠫᠣᠷᠲ᠂ ᠲᠡᠮᠦᠷ ᠵᠠᠮ ᠤᠨ ᠠᠰᠠᠭᠤᠳᠠᠯ ᠢ ᠨᠢᠭᠡ ᠮᠥᠷ  ᠰᠢᠢᠳᠦᠭᠰᠡᠨ᠂ ᠪᠠᠷᠠᠭ᠎ᠠ ᠪᠦᠲᠦᠭᠡᠭᠳᠡᠬᠦᠨ ᠲᠡᠷᠡ ᠳᠤᠮᠳᠠ ᠪᠠᠨ ᠠᠭᠤᠯᠠ ᠠᠭᠤᠷᠬᠠᠢ ᠶᠢᠨ ᠪᠦᠲᠦᠭᠡᠭᠳᠡᠬᠦᠨ ᠦ ᠪᠡᠶᠡᠲᠦ ᠬᠡᠮᠵᠢᠶ᠎ᠡ ᠶᠢ ᠠᠯᠪᠠᠨ ᠶᠣᠰᠣᠭᠠᠷ ᠲᠣᠬᠢᠷᠠᠭᠰᠠᠨ ᠲᠣᠮᠣᠬᠠᠨ ᠦᠷ᠎ᠡ ᠳ᠋ᠦᠩ ᠲᠡᠢ ᠠᠶᠢᠯᠴᠢᠯᠠᠯ ᠪᠠᠶᠢᠬᠤ ᠪᠠᠷ ᠬᠣᠶᠠᠷ ᠲᠠᠯ᠎ᠠ ᠠᠵᠢᠯᠯᠠᠵᠤ ᠪᠠᠶᠢᠨ᠎ᠠ ᠭᠡᠯ᠎ᠡ᠃

ᠰᠡᠳᠬᠢᠭᠳᠡᠯ ᠦᠯᠡᠳᠡᠭᠡᠬᠦ