ᠢᠷᠡᠬᠦ ᠳᠤᠯᠤᠳᠤᠭᠠᠷ ᠰᠠᠷ᠎ᠠ ᠶᠢᠨ 9-10 ᠳᠦ ᠪᠤᠯᠬᠤ ᠮᠣᠩᠭᠣᠯ ᠤᠨ ᠡᠳ᠋ ᠦᠨ ᠵᠠᠰᠠᠭ ᠤᠨ ᠹᠣᠷᠣᠮ ᠢ ᠬᠡᠷᠬᠢᠨ ᠵᠣᠬᠢᠶᠠᠨ ᠪᠠᠶᠢᠭᠤᠯᠬᠤ ᠲᠠᠯ᠎ᠠ ᠪᠠᠷ ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠳᠠᠷᠤᠭ᠎ᠠ ᠳ ∙ ᠠᠮᠤᠷᠪᠠᠶᠠᠰᠬᠤᠯᠠᠩ ᠮᠡᠳᠡᠭᠡᠯᠡᠯ᠎ᠡ᠃
ᠲᠡᠷᠡᠪᠡᠷ ᠄ ᠬᠥᠷᠥᠩᠭᠡ ᠣᠷᠣᠭᠤᠯᠤᠭᠴᠢᠳ ᠮᠣᠩᠭᠣᠯ ᠤᠯᠤᠰ ᠢ ᠰᠣᠨᠢᠷᠬᠠᠵᠤ ᠪᠠᠶᠢᠨ᠎ᠠ᠃ ᠡᠭᠦᠨ ᠢ ᠳᠠᠭᠠᠭᠠᠳ ᠮᠣᠩᠭᠣᠯ ᠤᠨ ᠡᠳ᠋ ᠦᠨ ᠵᠠᠰᠠᠭ ᠤᠨ ᠹᠣᠷᠣᠮ ᠳᠤ ᠤᠷᠤᠯᠴᠠᠬᠤ ᠭᠠᠳᠠᠨ᠎ᠠ ᠶᠢᠨ ᠵᠣᠴᠢᠳ ᠤᠨ ᠵᠡᠷᠭᠡᠯᠡᠯ ᠳᠡᠭᠡᠭᠰᠢᠯᠡᠭᠰᠡᠨ᠃ ᠲᠤᠬᠠᠶᠢᠯᠠᠪᠠᠯ ᠪᠦᠭᠦᠳᠡ ᠨᠠᠢᠷᠠᠮᠳᠠᠬᠤ ᠰᠤᠯᠤᠩᠭᠤᠰ ᠤᠯᠤᠰ ᠤᠨ ᠪᠢᠽᠢᠨᠧᠰ ᠡᠷᠬᠢᠯᠡᠭᠴᠢᠳ ᠦᠨ ᠲᠣᠮᠣᠬᠠᠨ ᠲᠥᠯᠥᠭᠡᠯᠡᠯ ᠣᠷᠣᠯᠴᠠᠬᠤ ᠪᠠᠨ ᠢᠯᠡᠷᠬᠡᠶᠢᠯᠡᠭᠰᠡᠨ᠃ ᠮᠥᠨ︽ ᠤᠭ᠍ᠶᠤᠲᠤᠯᠤᠭᠠᠢ︾ᠺᠤᠮᠫᠠᠨᠢ ᠶᠢᠨ ᠬᠤᠪᠢᠴᠠᠭ᠎ᠠ ᠡᠵᠡᠮᠰᠢᠭᠴᠢ ᠷᠢᠤ᠋ ᠲᠢᠨᠲ᠋ᠤ᠋ ᠭᠷᠦ᠋ᠫ ᠦᠨ ᠲᠥᠯᠥᠭᠡᠯᠡᠨ ᠤᠳᠤᠷᠢᠳᠬᠤ ᠵᠥᠪᠯᠡᠯ ᠦᠨ ᠳᠠᠷᠤᠭ᠎ᠠ ᠵᠠᠰᠠᠭ ᠤᠨ ᠭᠠᠵᠠᠷ ᠲᠠᠢ ᠶᠠᠷᠢᠶ᠎ᠠ ᠬᠡᠯᠡᠯᠴᠡᠭᠡᠷ ᠬᠢᠬᠦ ᠲᠤᠬᠠᠢ ᠶᠠᠷᠢᠭᠳᠠᠵᠤ ᠪᠠᠶᠢᠨ᠎ᠠ ᠭᠡᠯᠡ᠃
ᠮᠥᠨ 《ᠮᠣᠩᠭᠣᠯ ᠤᠨ ᠡᠳ᠋ ᠦᠨ ᠵᠠᠰᠠᠭ ᠤᠨ ᠴᠢᠭᠤᠯᠭᠠᠨ-2023》 ᠢ ᠵᠣᠬᠢᠶᠠᠨ ᠪᠠᠶᠢᠭᠤᠯᠬᠤ ᠦᠢᠯᠡ ᠠᠵᠢᠯᠯᠠᠭᠠᠨ ᠤ ᠲᠥᠯᠥᠪᠯᠡᠭᠡ ᠪᠠᠲᠤᠯᠠᠵᠤ ᠬᠡᠷᠡᠭᠵᠢᠭᠦᠯᠬᠦ ᠶᠢ ᠡᠳ᠋ ᠦᠨ ᠵᠠᠰᠠᠭ᠂ ᠬᠥᠭᠵᠢᠯ ᠦᠨ ᠰᠠᠶᠢᠳ ᠴ ∙ ᠬᠦᠷᠡᠯᠪᠠᠭᠠᠲᠤᠷ ᠲᠤ ᠵᠠᠰᠠᠭ ᠤᠨ ᠭᠠᠵᠠᠷ ᠤᠨ ᠬᠤᠷᠠᠯᠳᠤᠭᠠᠨ ᠢᠶᠠᠷ ᠶᠡᠷᠦᠩᠬᠡᠢ ᠰᠠᠶᠢᠳ ᠳᠠᠭᠠᠭᠠᠯᠭᠠᠵᠠᠢ᠃