ᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠳᠠᠷᠤᠭ᠎ᠠ ᠳ ∙ ᠠᠮᠤᠷᠪᠠᠶᠠᠰᠬᠤᠯᠠᠩ ᠥᠩᠭᠡᠷᠡᠭᠰᠡᠨ ᠳᠣᠯᠣᠭ᠎ᠠ ᠬᠣᠨᠣᠭ ᠲᠤ ᠮᠡᠳᠡᠭᠡᠯᠡᠯ ᠬᠢᠬᠦ ᠳᠦ ᠪᠡᠨ᠄ ᠶᠡᠷᠦᠩᠬᠡᠢ ᠰᠠᠶᠢᠳ ᠤᠨ ᠠᠶᠢᠯᠴᠢᠯᠠᠯ ᠨᠢ ᠬᠣᠶᠠᠷ ᠤᠯᠤᠰ ᠤᠨ ᠬᠤᠪᠢ ᠳᠤ ᠡᠳ᠋ ᠦᠨ ᠵᠠᠰᠠᠭ ᠤᠨ ᠥᠨᠳᠥᠷ ᠠᠴᠢ ᠬᠣᠯᠪᠣᠭᠳᠠᠯ ᠲᠠᠢ᠂ ᠡᠺᠰᠫᠣᠷᠲ᠂ ᠢᠮᠫᠣᠷᠲ᠂ ᠲᠡᠮᠦᠷ ᠵᠠᠮ ᠤᠨ ᠠᠰᠠᠭᠤᠳᠠᠯ ᠢ ᠨᠢᠭᠡ ᠮᠥᠷ ᠰᠢᠢᠳᠦᠭᠰᠡᠨ᠂ ᠪᠠᠷᠠᠭ᠎ᠠ ᠪᠦᠲᠦᠭᠡᠭᠳᠡᠬᠦᠨ ᠲᠡᠷᠡ ᠳᠤᠮᠳᠠ ᠪᠠᠨ ᠠᠭᠤᠯᠠ ᠠᠭᠤᠷᠬᠠᠢ ᠶᠢᠨ ᠪᠦᠲᠦᠭᠡᠭᠳᠡᠬᠦᠨ ᠦ ᠪᠡᠶᠡᠲᠦ ᠬᠡᠮᠵᠢᠶ᠎ᠡ ᠶᠢ ᠠᠯᠪᠠᠨ ᠶᠣᠰᠣᠭᠠᠷ ᠲᠣᠬᠢᠷᠠᠭᠰᠠᠨ ᠲᠣᠮᠣᠬᠠᠨ ᠦᠷ᠎ᠡ ᠳ᠋ᠦᠩ ᠲᠡᠢ ᠠᠶᠢᠯᠴᠢᠯᠠᠯ ᠪᠠᠶᠢᠬᠤ ᠪᠠᠷ ᠬᠣᠶᠠᠷ ᠲᠠᠯ᠎ᠠ ᠠᠵᠢᠯᠯᠠᠵᠤ ᠪᠠᠶᠢᠨ᠎ᠠ ᠭᠡᠰᠡᠨ ᠶᠤᠮ᠃
ᠶᠡᠷᠦᠩᠬᠡᠢ ᠰᠠᠶᠢᠳ ᠤᠶᠤᠡᠡᠷᠳᠡᠨᠢ ᠡᠨᠡ ᠰᠠᠷ᠎ᠠ ᠶᠢᠨ 27-29 ᠳᠦ ᠲᠤᠰ ᠤᠯᠤᠰ ᠲᠤ ᠠᠶᠢᠯᠴᠢᠯᠠᠬᠤ ᠪᠣᠯᠤᠯᠲᠠᠢ᠃ ᠤᠴᠢᠷ ᠨᠢ᠂ ᠳᠡᠯᠡᠬᠡᠢ ᠶᠢᠨ ᠡᠳ᠋ ᠦᠨ ᠵᠠᠰᠠᠭ ᠤᠨ ᠹᠣᠷᠣᠮ ᠤᠨ 14 ᠳ᠋ᠡᠬᠢ ᠤᠳᠠᠭ᠎ᠠ ᠶᠢᠨ《ᠵᠤᠨ ᠤ ᠳ᠋ᠠᠸᠤᠰ》ᠴᠢᠭᠤᠯᠭᠠᠨ ᠡᠨᠡ ᠰᠠᠷ᠎ᠠ ᠶᠢᠨ 27-29 ᠳᠦ ᠬᠢᠲᠠᠳ ᠤᠨ ᠲᠢᠶᠠᠨᠵᠢᠨ ᠬᠤᠲᠠ ᠳᠤ ᠪᠣᠯᠬᠤ ᠪᠠ ᠲᠤᠰ ᠠᠷᠭ᠎ᠠ ᠬᠡᠮᠵᠢᠶᠡᠨ ᠳᠦ ᠶᠡᠷᠦᠩᠬᠡᠢ ᠰᠠᠶᠢᠳ ᠯ ∙ ᠤᠶᠤᠡᠡᠷᠳᠡᠨᠢ ᠲᠡᠷᠢᠭᠦᠲᠡᠢ ᠮᠠᠨ ᠤ ᠤᠯᠤᠰ ᠤᠨ ᠲᠥᠯᠥᠭᠡᠯᠡᠭᠴᠢᠳ ᠣᠷᠣᠯᠴᠠᠨ᠎ᠠ ᠭᠡᠰᠡᠨ ᠮᠡᠳᠡᠭᠡᠯᠡᠯ ᠪᠠᠶᠢᠨ᠎ᠠ᠃