ᠮᠣᠩᠭᠣᠯ ᠤᠯᠤᠰ ᠤᠨ ᠶᠡᠷᠦᠩᠬᠡᠶᠢᠯᠡᠭᠴᠢ ᠳᠦ ᠲᠦᠷᠦᠭᠰᠡᠨ ᠡᠳᠦᠷ ᠦᠨ ᠮᠡᠨᠳᠦᠴᠢᠯᠡᠭᠡ ᠳᠡᠪᠰᠢᠭᠦᠯᠵᠡᠢ | News.MN

ᠮᠣᠩᠭᠣᠯ ᠤᠯᠤᠰ ᠤᠨ ᠶᠡᠷᠦᠩᠬᠡᠶᠢᠯᠡᠭᠴᠢ ᠳᠦ ᠲᠦᠷᠦᠭᠰᠡᠨ ᠡᠳᠦᠷ ᠦᠨ ᠮᠡᠨᠳᠦᠴᠢᠯᠡᠭᠡ ᠳᠡᠪᠰᠢᠭᠦᠯᠵᠡᠢ

ᠮᠣᠩᠭᠣᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ ᠶᠢᠨ ᠲᠦᠷᠦᠭᠰᠡᠨ ᠡᠳᠦᠷ ᠢ ᠲᠣᠬᠢᠶᠠᠯᠳᠤᠭᠤᠯᠤᠨ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠶᠢᠯᠡᠭᠴᠢ ᠸ ∙ ᠸ ∙ ᠫᠦᠲ᠋ᠢᠨ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠰᠢ ᠵᠢᠨ ᠫᠢᠩ ᠮᠡᠨᠳᠦᠴᠢᠯᠡᠭᠡ ᠳᠡᠪᠰᠢᠭᠦᠯᠵᠡᠢ᠃
ᠫᠦᠲ᠋ᠢᠨ ᠮᠡᠨᠳᠦᠴᠢᠯᠡᠭᠡᠨ ᠳᠦ ᠪᠡᠨ᠂ ᠮᠣᠩᠭᠣᠯ ᠤᠯᠤᠰ ᠤᠨ ᠶᠡᠷᠦᠩᠬᠡᠶᠢᠯᠡᠭᠴᠢ ᠳᠦ 55 ᠨᠠᠰᠤᠨ ᠤ ᠣᠢ ᠶᠢ ᠲᠣᠬᠢᠶᠠᠯᠳᠤᠭᠤᠯᠤᠨ ᠪᠠᠶᠠᠷ ᠬᠦᠷᠭᠡᠵᠦ᠂ ᠬᠣᠶᠠᠷ ᠤᠯᠤᠰ ᠤᠨ ᠨᠠᠶᠢᠷᠰᠠᠭ᠂ ᠰᠠᠶᠢᠨ ᠬᠥᠷᠰᠢ ᠶᠢᠨ ᠬᠠᠷᠢᠯᠴᠠᠭ᠎ᠠ ᠶᠢ ᠬᠥᠭᠵᠢᠭᠦᠯᠬᠦ ᠳᠦ ᠴᠢᠭᠯᠡᠭᠰᠡᠨ ᠵᠢᠳᠬᠦᠯ ᠢ ᠦᠨᠡᠯᠡᠵᠦ ᠪᠠᠶᠢᠳᠠᠭ ᠢᠶᠠᠨ ᠢᠯᠡᠷᠬᠡᠢᠯᠡᠭᠡᠳ ᠬᠣᠶᠠᠷ ᠲᠠᠯ᠎ᠠ ᠶᠢᠨ ᠪᠣᠯᠤᠨ ᠣᠯᠠᠨ ᠲᠠᠯᠠᠲᠤ ᠬᠠᠮᠲᠤ ᠶᠢᠨ ᠠᠵᠢᠯᠯᠠᠭᠠᠨ ᠤ ᠲᠤᠯᠭᠠᠮᠳᠠᠵᠤ ᠪᠤᠢ ᠠᠰᠠᠭᠤᠳᠠᠯ ᠤᠳ ᠢᠶᠠᠷ ᠴᠢᠨᠠᠭᠰᠢᠳᠠ ᠦᠷ᠎ᠡ ᠪᠦᠲᠦᠭᠡᠯ ᠲᠡᠢ ᠬᠠᠮᠲᠤᠷᠠᠨ ᠠᠵᠢᠯᠯᠠᠨ᠎ᠠ ᠭᠡᠵᠦ ᠨᠠᠶᠢᠳᠠᠵᠤ ᠪᠠᠶᠢᠨ᠎ᠠ ᠭᠡᠵᠡᠢ᠃
ᠰᠢ ᠵᠢᠨ ᠫᠢᠩ ᠮᠣᠩᠭᠣᠯ ᠤᠯᠤᠰ ᠤᠨ ᠶᠡᠷᠦᠩᠬᠡᠶᠢᠯᠡᠭᠴᠢ ᠳᠦ ᠲᠦᠷᠦᠭᠰᠡᠨ ᠡᠳᠦᠷ ᠦᠨ ᠮᠡᠨᠳᠦ ᠬᠦᠷᠭᠡᠵᠦ᠂ ᠥᠩᠭᠡᠷᠡᠭᠰᠡᠨ ᠣᠨ ᠤ 11  ᠳ᠋ᠦ᠋ᠭᠡᠷ ᠰᠠᠷ᠎ᠠ ᠳᠤ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠬᠢᠲᠠᠳ ᠲᠤ ᠬᠢᠭᠰᠡᠨ ᠲᠥᠷᠥ ᠶᠢᠨ ᠠᠶᠢᠯᠴᠢᠯᠠᠯ ᠠᠮᠵᠢᠯᠲᠠ ᠲᠠᠢ ᠪᠣᠯᠵᠤ᠂ ᠬᠣᠶᠠᠷ ᠤᠯᠤᠰ ᠤᠨ ᠬᠠᠷᠢᠯᠴᠠᠭᠠᠨ ᠤ ᠥᠨᠳᠥᠷ ᠲᠦᠪᠰᠢᠨ ᠢ ᠬᠠᠷᠠᠭᠤᠯᠤᠭᠰᠠᠨ ᠢ ᠲᠡᠮᠳᠡᠭᠯᠡᠵᠡᠢ᠃ ᠲᠠᠯ᠎ᠠ ᠨᠤᠭᠤᠳ ᠤᠨ ᠬᠠᠷᠢᠯᠴᠠᠨ ᠢᠲᠡᠭᠡᠯᠴᠡᠯ᠂ ᠨᠠᠶᠢᠷᠠᠮᠳᠠᠯ᠂ ᠬᠠᠮᠲᠤ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠬᠣᠶᠠᠷ ᠤᠯᠤᠰ ᠤᠨ ᠬᠠᠷᠢᠯᠴᠠᠭ᠎ᠠ ᠶᠢ ᠲᠠᠰᠤᠷᠠᠯᠲᠠ ᠦᠭᠡᠢ ᠰᠢᠨ᠎ᠡ ᠬᠥᠭᠵᠢᠯ  ᠳᠤ ᠬᠦᠷᠭᠡᠬᠦ ᠶᠢᠨ ᠲᠥᠯᠥᠭᠡ ᠬᠠᠮᠲᠤᠷᠠᠨ ᠠᠵᠢᠯᠯᠠᠬᠤ ᠳᠤ ᠪᠡᠯᠡᠨ ᠪᠠᠶᠢᠭ᠎ᠠ ᠪᠠᠨ ᠢᠯᠡᠷᠬᠡᠶᠢᠯᠡᠪᠡ᠃

ᠰᠡᠳᠬᠢᠭᠳᠡᠯ ᠦᠯᠡᠳᠡᠭᠡᠬᠦ