ᠮᠣᠩᠭᠣᠯ ᠤᠯᠤᠰ ᠤᠨ ᠶᠡᠷᠦᠩᠬᠡᠢ ᠰᠠᠶᠢᠳ ᠯ ∙ᠤᠶᠤᠡᠡᠷᠳᠡᠨᠢ ᠡᠨᠡ ᠰᠠᠷ᠎ᠠ ᠶᠢᠨ ᠰᠡᠭᠦᠯ ᠢᠶᠡᠷ ᠬᠢᠲᠠᠳ ᠲᠤ ᠠᠯᠪᠠᠨ ᠶᠣᠰᠣᠨ ᠤ ᠠᠶᠢᠯᠴᠢᠯᠠᠯ ᠬᠢᠨ᠎ᠡ᠃ ᠠᠶᠢᠯᠴᠢᠯᠠᠯ ᠤᠨ ᠪᠡᠯᠡᠳᠬᠡᠯ ᠬᠠᠩᠭᠠᠬᠤ ᠠᠵᠢᠯ ᠤᠨ ᠬᠦᠷᠢᠶᠡᠨ ᠳᠦ ᠵᠠᠮ ᠲᠡᠭᠡᠭᠡᠪᠦᠷᠢ ᠶᠢᠨ ᠬᠥᠭᠵᠢᠯ ᠦᠨ ᠰᠠᠶᠢᠳ ᠰ ∙ ᠪᠢᠮᠪᠠᠴᠤᠭᠲᠤ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠲᠡᠭᠡᠭᠡᠪᠦᠷᠢ ᠶᠢᠨ ᠰᠠᠶᠢᠳ ᠯᠢ ᠰᠢᠶᠤᠤ ᠫᠧᠩ ᠲᠡᠢ ᠠᠭᠤᠯᠵᠠᠵᠤ᠂ ᠵᠠᠰᠠᠭ ᠤᠨ ᠭᠠᠵᠠᠷ ᠬᠣᠭᠣᠷᠣᠨᠳᠣ ᠶᠢᠨ ᠮᠠᠰᠢᠨ ᠲᠡᠷᠭᠡᠨ ᠦ ᠲᠡᠭᠡᠭᠡᠪᠤᠷᠢ ᠶᠢᠨ ᠬᠡᠯᠡᠯᠴᠡᠭᠡᠷ ᠢ ᠰᠢᠨᠡᠴᠢᠯᠡᠨ ᠪᠠᠶᠢᠭᠤᠯᠬᠤ ᠲᠠᠯ᠎ᠠ ᠪᠠᠷ ᠲᠣᠬᠢᠷᠠᠯᠴᠠᠵᠠᠢ᠃
ᠮᠥᠨ ᠬᠣᠶᠠᠷ ᠤᠯᠤᠰ ᠤᠨ ᠠᠭᠠᠷ ᠤᠨ ᠬᠠᠭᠠᠯᠭ᠎ᠠ ᠶᠢ ᠨᠡᠮᠡᠭᠳᠡᠭᠦᠯᠵᠦ᠂ ᠠᠭᠠᠷ ᠤᠨ ᠲᠡᠭᠡᠭᠡᠪᠦᠷᠢ ᠶᠢᠨ ᠬᠠᠷᠢᠯᠴᠠᠭ᠎ᠠ ᠶᠢ ᠢᠳᠡᠪᠬᠢᠵᠢᠭᠦᠯᠬᠦ ᠳᠦ ᠳᠡᠮᠵᠢᠯᠭᠡ ᠦᠵᠡᠭᠦᠯᠬᠦ᠂ ᠮᠣᠩᠭᠣᠯ᠂ ᠬᠢᠲᠠᠳ ᠤᠨ ᠬᠢᠯᠢ ᠶᠢᠨ ᠲᠡᠮᠦᠷ ᠵᠠᠮ ᠤᠨ 1955 ᠣᠨ ᠤ ᠬᠡᠯᠡᠯᠴᠡᠭᠡᠷ᠂ ᠲᠡᠮᠦᠷ ᠵᠠᠮ ᠤᠨ ᠳᠠᠮᠵᠢᠨ ᠥᠩᠭᠡᠷᠡᠬᠦ ᠲᠡᠭᠡᠭᠡᠪᠦᠷᠢ ᠶᠢᠨ ᠬᠠᠮᠲᠤ ᠶᠢᠨ ᠠᠵᠢᠯᠯᠠᠭ᠎ᠠ ᠶᠢ ᠬᠥᠭᠵᠢᠭᠦᠯᠬᠦ ᠲᠤᠬᠠᠢ ᠵᠠᠰᠠᠭ ᠤᠨ ᠭᠠᠵᠠᠷ ᠬᠣᠭᠣᠷᠣᠨᠳᠣ ᠶᠢᠨ ᠬᠡᠯᠡᠯᠴᠡᠭᠡᠷ ᠢ ᠰᠢᠨᠡᠴᠢᠯᠡᠨ ᠪᠠᠶᠢᠭᠤᠯᠬᠤ ᠠᠰᠠᠭᠤᠳᠠᠯ ᠢ ᠲᠠᠯᠪᠢᠵᠤ᠂ ᠡᠨᠡ ᠴᠢᠭᠯᠡᠯ ᠢᠶᠡᠷ ᠬᠣᠶᠠᠷ ᠤᠯᠤᠰ ᠤᠨ ᠶᠠᠮᠤᠨ᠂ ᠬᠣᠯᠪᠣᠭᠳᠠᠬᠤ ᠪᠠᠶᠢᠭᠤᠯᠤᠯᠭ᠎ᠠ ᠨᠤᠭᠤᠳ ᠢᠳᠡᠪᠬᠢᠲᠡᠢ ᠬᠠᠮᠲᠤᠷᠠᠨ ᠠᠵᠢᠯᠯᠠᠬᠤ ᠪᠠᠷ ᠪᠣᠯᠤᠭᠰᠠᠨ ᠪᠠᠶᠢᠨ᠎ᠠ᠃