ᠥᠨᠥᠳᠥᠷ UNESCO ᠦᠨ ᠢᠪᠡᠭᠡᠯ ᠳᠣᠣᠷ᠎ᠠ《ᠨᠡᠭᠦᠳᠡᠯᠴᠢᠳ ᠦᠨ ᠶᠣᠰᠣ ᠵᠦᠢ᠂ ᠰᠤᠶᠤᠯ ᠬᠣᠭᠣᠷᠣᠨᠳᠣ ᠶᠢᠨ ᠬᠠᠷᠢᠯᠴᠠᠨ ᠣᠶᠢᠯᠠᠭᠠᠯᠴᠠᠯ》ᠣᠯᠠᠨ ᠤᠯᠤᠰ ᠤᠨ ᠡᠷᠳᠡᠮ ᠰᠢᠨᠵᠢᠯᠡᠭᠡᠨ ᠦ ᠬᠤᠷᠠᠯ ᠡᠬᠢᠯᠡᠯ᠎ᠡ᠃ ᠬᠤᠷᠠᠯ ᠢ ᠨᠡᠭᠦᠳᠡᠯ ᠦᠨ ᠰᠤᠶᠤᠯ ᠢᠷᠭᠡᠨᠰᠢᠯ ᠢ ᠰᠤᠳᠤᠯᠬᠤ ᠣᠯᠠᠨ ᠤᠯᠤᠰ ᠤᠨ ᠬᠦᠷᠢᠶᠡᠯᠡᠩ᠂ ᠮᠣᠩᠭᠣᠯ ᠰᠤᠳᠤᠯᠤᠯ ᠤᠨ ᠬᠦᠷᠢᠶᠡᠯᠡᠩ᠂ ᠮᠣᠩᠭᠣᠯ ᠤᠯᠤᠰ ᠤᠨ ᠶᠡᠬᠡ ᠰᠤᠷᠭᠠᠭᠤᠯᠢ᠂ ᠣᠺᠰᠹᠣᠷᠳ᠋ ᠤᠨ ᠶᠡᠬᠡ ᠰᠤᠷᠭᠠᠭᠤᠯᠢ᠂ ᠸᠢᠨᠨᠢᠫᠧ ᠤᠨ ᠶᠡᠬᠡ ᠰᠤᠷᠭᠠᠭᠤᠯᠢ ᠬᠠᠮᠲᠤᠷᠠᠨ ᠵᠣᠬᠢᠶᠠᠨ ᠪᠠᠶᠢᠭᠤᠯᠵᠤ ᠪᠤᠢ᠃
ᠲᠤᠰ ᠬᠤᠷᠠᠯ ᠢᠶᠠᠷ ᠨᠡᠭᠦᠳᠡᠯᠴᠢᠳ ᠦᠨ ᠶᠣᠰᠣ ᠵᠦᠢ᠂ ᠶᠣᠰᠣ ᠰᠤᠷᠲᠠᠬᠤᠨ ᠢ ᠨᠡᠭᠡᠭᠡᠨ ᠰᠤᠳᠤᠯᠬᠤ᠂ ᠨᠡᠭᠦᠳᠡᠯᠴᠢᠳ ᠦᠨ ᠶᠣᠰᠣ ᠵᠦᠢ ᠨᠢ ᠰᠤᠶᠤᠯ ᠬᠣᠭᠣᠷᠣᠨᠳᠣ ᠶᠢᠨ ᠬᠠᠷᠢᠯᠴᠠᠨ ᠣᠶᠢᠯᠠᠭᠠᠯᠴᠠᠯ ᠳᠤ ᠶᠠᠮᠠᠷ ᠬᠤᠪᠢ ᠨᠡᠮᠡᠷᠢ ᠣᠷᠣᠭᠤᠯᠤᠭᠰᠠᠨ ᠢ ᠰᠤᠳᠤᠯᠤᠨ ᠰᠢᠨᠵᠢᠯᠡᠬᠦ᠂ ᠲᠥᠪ ᠠᠽᠢᠶ᠎ᠠ ᠲᠡᠳᠦᠢ ᠦᠭᠡᠢ ᠳᠡᠯᠡᠬᠡᠢ ᠨᠡᠶᠢᠲᠡ ᠶᠢᠨ ᠬᠡᠮᠵᠢᠶᠡᠨ ᠳᠦ ᠨᠡᠭᠦᠳᠡᠯᠴᠢᠳ ᠦᠨ ᠨᠡᠶᠢᠭᠡᠮ᠂ ᠰᠤᠶᠤᠯ ᠬᠡᠷᠬᠢᠨ ᠥᠭᠡᠷᠡᠴᠢᠯᠡᠭᠳᠡᠵᠦ᠂ ᠲᠡᠳᠡᠭᠡᠷ ᠲᠦ ᠶᠠᠮᠠᠷ ᠠᠰᠠᠭᠤᠳᠠᠯ ᠪᠡᠷᠬᠡᠰᠢᠶᠡᠯ ᠲᠤᠯᠭᠠᠮᠳᠠᠵᠤ ᠪᠤᠢ ᠲᠤᠬᠠᠢ ᠠᠰᠠᠭᠤᠳᠠᠯ ᠢ ᠬᠡᠯᠡᠯᠴᠡᠬᠦ ᠵᠣᠷᠢᠯᠭ᠎ᠠ ᠲᠠᠢ ᠶᠤᠮ᠃
ᠲᠤᠰ ᠬᠤᠷᠠᠯ ᠳᠤ ᠰᠤᠶᠤᠯ ᠤᠨ ᠶᠠᠮᠤᠨ ᠤ ᠲᠥᠯᠥᠭᠡᠯᠡᠭᠴᠢ᠂ ᠬᠦᠮᠦᠨ ᠦ ᠡᠷᠬᠡ ᠶᠢᠨ ᠦᠨᠳᠦᠰᠦᠨ ᠦ ᠺᠣᠮᠢᠰ ᠪᠣᠯᠤᠨ ᠺᠢᠷᠭᠢᠽᠰᠲ᠋ᠠᠨ᠂ ᠬᠠᠰᠠᠺᠰᠲ᠋ᠠᠨ᠂ ᠢᠨᠳᠤᠨᠢᠽ᠂ ᠲᠦᠷᠺ᠂ ᠮᠣᠩᠭᠣᠯ ᠵᠡᠷᠭᠡ 26 ᠣᠷᠣᠨ ᠤ 80 ᠭᠠᠷᠤᠢ ᠲᠥᠯᠥᠭᠡᠯᠡᠯ ᠣᠷᠣᠯᠴᠠᠵᠤ ᠢᠯᠡᠳᠬᠡᠯ ᠲᠠᠨᠢᠯᠴᠠᠭᠤᠯᠬᠤ ᠶᠤᠮ᠃