ᠳᠤᠷᠤᠨᠠᠭᠤᠪᠢ ᠳᠤ ᠪᠦᠬᠦ ᠨᠡᠶᠢᠲᠡ ᠶᠢᠨ ᠭᠦᠶᠦᠯᠲᠡ ᠶᠢᠨ ᠲᠡᠮᠡᠴᠡᠭᠡᠨ  ᠪᠤᠯᠪᠠ | News.MN

ᠳᠤᠷᠤᠨᠠᠭᠤᠪᠢ ᠳᠤ ᠪᠦᠬᠦ ᠨᠡᠶᠢᠲᠡ ᠶᠢᠨ ᠭᠦᠶᠦᠯᠲᠡ ᠶᠢᠨ ᠲᠡᠮᠡᠴᠡᠭᠡᠨ  ᠪᠤᠯᠪᠠ

ᠳᠤᠷᠤᠨᠠᠭᠤᠪᠢ ᠠᠢᠮᠠᠭ ᠤᠨ ᠰᠠᠢᠨᠱᠠᠩᠳᠠ ᠰᠤᠮᠤ ᠶᠢᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ ᠠᠴᠠ《ᠰᠠᠶᠢᠨᠱᠠᠩᠳᠠ ᠮᠠᠷᠠᠹᠣᠨ-2023》ᠪᠦᠬᠦ ᠨᠡᠶᠢᠲᠡ ᠶᠢᠨ ᠭᠦᠶᠦᠯᠲᠡ ᠶᠢ ᠡᠨᠡ ᠰᠠᠷ᠎ᠠ ᠶᠢᠨ 17  ᠳᠦ᠂ ᠡᠷᠡᠭᠲᠡᠢ᠂ ᠡᠮᠡᠭᠲᠡᠢ 15-29 ᠨᠠᠰᠤ᠂ 30-44 ᠨᠠᠰᠤ᠂ 45-50 ᠨᠠᠰᠤ᠂ 51 ᠍ ᠡᠴᠡ ᠳᠡᠭᠡᠭᠰᠢ ᠨᠠᠰᠤᠨ ᠤ ᠠᠩᠭᠢᠯᠠᠯ ᠳᠤ ᠵᠣᠬᠢᠶᠠᠨ ᠪᠠᠶᠢᠭᠤᠯᠤᠭᠰᠠᠨ ᠪᠥᠭᠡᠳ ᠨᠡᠶᠢᠲᠡ 200 ᠭᠠᠷᠤᠢ ᠢᠷᠭᠡᠨ ᠤᠷᠤᠯᠴᠠᠪᠠ᠃
ᠲᠠᠰᠢᠷᠠᠮ ᠳᠤ ᠳᠤᠷᠠᠳᠬᠤ ᠳᠤ᠂ ᠰᠠᠶᠢᠨᠱᠠᠩᠳᠠ ᠰᠤᠮᠤ ᠶᠢᠨ ᠵᠠᠰᠠᠭ ᠳᠠᠷᠤᠭ᠎ᠠ ᠶᠢᠨ︽ᠬᠥᠭᠵᠢᠯ ᠦᠨ ᠲᠥᠯᠥᠭᠡ ᠬᠠᠮᠲᠤ ᠳᠤ ᠪᠠᠨ- ᠬᠤᠶᠠᠷ︾ᠦᠢᠯᠡ ᠠᠵᠢᠯᠯᠠᠭᠠᠨ ᠤ ᠬᠥᠲᠥᠯᠪᠦᠷᠢ᠂︽ᠢᠷᠭᠡᠳ ᠲᠦ ᠡᠭᠡᠯᠢᠲᠡᠢ ᠡᠷᠡᠭᠦᠯ ᠬᠣᠲᠠ︾ᠵᠣᠷᠢᠯᠲᠠᠲᠤ ᠵᠢᠯ ᠦᠨ ᠬᠦᠷᠢᠶᠡᠨ ᠳᠦ ᠨᠡᠶᠢᠭᠡᠮ ᠤᠨ ᠡᠷᠡᠭᠦᠯ ᠮᠡᠨᠳᠦ᠂ ᠨᠡᠶᠢᠲᠡ ᠶᠢᠨ ᠪᠡᠶ᠎ᠡ ᠶᠢᠨ ᠲᠠᠮᠢᠷ ᠢ ᠬᠥᠭᠵᠢᠭᠦᠯᠦᠨ᠂ ᠢᠷᠭᠡᠳ ᠲᠦ ᠰᠤᠷᠲᠠᠯᠴᠢᠯᠠᠬᠤ᠂ ᠢᠷᠭᠡᠳ ᠢ ᠪᠡᠶ᠎ᠡ ᠶᠢᠨ ᠲᠠᠮᠢᠷ ᠢᠶᠠᠷ ᠬᠢᠴᠢᠶᠡᠯᠯᠡᠬᠦ ᠬᠦᠰᠡᠯ ᠰᠣᠨᠢᠷᠬᠠᠯ ᠢ ᠲᠥᠷᠥᠭᠦᠯᠬᠦ ᠵᠣᠷᠢᠯᠭ᠎ᠠ ᠪᠠᠷ ᠳᠡᠭᠡᠷᠡᠬᠢ ᠲᠡᠮᠡᠴᠡᠭᠡᠨ ᠢ ᠵᠣᠬᠢᠶᠠᠨ ᠪᠠᠶᠢᠭᠤᠯᠵᠠᠢ᠃

ᠰᠡᠳᠬᠢᠭᠳᠡᠯ ᠦᠯᠡᠳᠡᠭᠡᠬᠦ