ᠮᠣᠩᠭᠣᠯ ᠤᠯᠤᠰ ᠤᠨ ᠦᠨᠳᠦᠰᠦᠨ ᠦ ᠨᠣᠮ ᠤᠨ ᠰᠠᠩ᠂ ᠤᠷᠤᠰ ᠤᠨ ᠰᠠᠨᠲ ᠫᠧᠲ᠋ᠧᠷᠪᠦ᠋ᠷᠡᠭ ᠦᠨ ᠦᠨᠳᠦᠰᠦᠨ ᠦ ᠨᠣᠮ ᠤᠨ ᠰᠠᠩ 6 ᠳ᠋ᠤᠭᠠᠷ ᠰᠠᠷ᠎ᠠ ᠶᠢᠨ 23 ᠤ ᠡᠳᠦᠷ ᠤᠨᠯᠠᠢᠨ ᠠᠭᠤᠯᠵᠠᠯᠲᠠ ᠵᠣᠬᠢᠶᠠᠨ ᠪᠠᠶᠢᠭᠤᠯᠤᠯ᠎ᠠ᠃ ᠨᠣᠮ ᠤᠨ ᠰᠠᠩ ᠤᠨ ᠵᠠᠬᠢᠷᠤᠯ ᠤᠳ ᠬᠠᠷᠢᠯᠴᠠᠨ ᠮᠡᠨᠳᠦᠴᠢᠯᠡᠭᠡ ᠳᠡᠪᠰᠢᠭᠦᠯᠦᠭᠰᠡᠨ ᠦ ᠳᠠᠷᠠᠭ᠎ᠠ ᠣᠷᠣᠰ ᠤᠨ ᠦᠨᠳᠦᠰᠦᠨ ᠦ ᠨᠣᠮ ᠤᠨ ᠰᠠᠩ ᠤᠨ ᠮᠣᠩᠭᠣᠯ ᠨᠣᠮ ᠤᠨ ᠰᠠᠩ ᠬᠥᠮᠥᠷᠭᠡ ᠶᠢᠨ ᠡᠷᠬᠢᠯᠡᠭᠴᠢ ᠬᠠᠲᠤᠭᠲᠠᠢ ᠸ ∙ ᠭ ∙ ᠰᠤᠰᠯᠣᠸᠠ 《ᠣᠷᠣᠰ ᠤᠨ ᠦᠨᠳᠦᠰᠦᠨ ᠦ ᠨᠣᠮ ᠤᠨ ᠰᠠᠩ ᠤᠨ ᠮᠣᠩᠭᠣᠯ ᠨᠣᠮ ᠤᠨ ᠰᠠᠩ ᠬᠥᠮᠦᠷᠢᠭᠡ》᠂ ᠮᠣᠩᠭᠣᠯ ᠤᠯᠤᠰ ᠤᠨ ᠦᠨᠳᠦᠰᠦᠨ ᠦ ᠨᠣᠮ ᠤᠨ ᠰᠠᠩ ᠤᠨ ᠠᠷᠭ᠎ᠠ ᠵᠦᠢᠴᠢ ᠸ᠂ ᠲᠦᠪᠰᠢᠨᠲᠠᠣᠭᠲᠤᠬᠤ᠂ ᠬ᠂ ᠨᠠᠷᠠᠨᠳᠤᠯᠮᠠ ᠨᠠᠷ《ᠰᠠᠨᠲ ᠫᠧᠲ᠋ᠧᠷᠪᠦ᠋ᠷᠡᠭ ᠬᠣᠲᠠ ᠪᠠ ᠮᠣᠩᠭᠣᠯ ᠤᠨ ᠦᠨᠳᠦᠰᠦᠨ ᠦ ᠨᠣᠮ ᠤᠨ ᠰᠠᠩ》ᠢᠯᠡᠳᠬᠡᠯ ᠢ ᠲᠤᠰ ᠲᠤᠰ ᠲᠠᠨᠢᠯᠴᠠᠭᠤᠯᠪᠠ᠃
ᠠᠭᠤᠯᠵᠠᠯᠲᠠ ᠶᠢᠨ ᠦᠶ᠎ᠡ ᠪᠡᠷ ᠬᠤᠶᠠᠷ ᠲᠠᠯ᠎ᠠ ᠴᠢᠨᠠᠭᠰᠢᠳᠠ ᠬᠠᠮᠲᠤ ᠶᠢᠨ ᠠᠵᠢᠯᠯᠠᠭᠠᠨ ᠤ ᠭᠡᠷ᠎ᠡ ᠪᠠᠶᠢᠭᠤᠯᠤᠨ ᠠᠵᠢᠯᠯᠠᠬᠤ ᠪᠠᠷ ᠲᠣᠬᠢᠷᠠᠯᠴᠠᠪᠠ᠃ ᠣᠷᠣᠰ ᠤᠨ ᠦᠨᠳᠦᠰᠦᠨ ᠦ ᠨᠣᠮ ᠤᠨ ᠰᠠᠩ ᠤᠨ ᠮᠣᠩᠭᠣᠯ ᠨᠣᠮ ᠤᠨ ᠰᠠᠩ ᠬᠥᠮᠥᠷᠭᠡ ᠳᠦ ᠣᠳᠣ ᠶᠢᠨ ᠪᠠᠶᠢᠳᠠᠯ ᠢᠶᠠᠷ 8715 ᠨᠣᠮ᠂ 7205 ᠰᠡᠳᠬᠦᠯ᠂ 43424 ᠰᠣᠨᠢᠨ ᠬᠠᠳᠠᠭᠠᠯᠠᠭᠳᠠᠵᠤ ᠪᠠᠶᠢᠨ᠎ᠠ᠃ ᠲᠡᠭᠦᠨ ᠦ ᠳᠣᠲᠣᠷ᠎ᠠ ᠮᠣᠩᠭᠣᠯ ᠤᠨ ᠲᠡᠦᠬᠡ ᠥᠭᠦᠯᠡᠬᠦ ᠣᠨᠴᠠ ᠰᠣᠨᠢᠨ ᠮᠠᠲ᠋ᠧᠷᠢᠶᠠᠯ ᠣᠯᠠᠨ ᠪᠠᠶᠢᠳᠠᠭ ᠂ ᠵᠢᠱᠢᠶ᠎ᠡ ᠨᠢ 1912-1918 ᠣᠨ ᠳᠤ ᠬᠠᠷᠪᠢᠨ ᠬᠤᠲᠠ ᠳᠤ ᠮᠣᠩᠭᠣᠯ ᠪᠢᠴᠢᠭ ᠢᠶᠡᠷ ᠭᠠᠷᠳᠠᠭ ᠪᠠᠶᠢᠭᠰᠠᠨ 《ᠮᠣᠩᠭᠣᠯ ᠤᠨ ᠰᠣᠨᠢᠨ ᠪᠢᠴᠢᠭ 》ᠰᠣᠨᠢᠨ ᠤ ᠳ᠋ᠤᠭᠠᠷ ᠪᠦᠷᠢᠨ ᠡᠬᠡ ᠪᠡᠷ ᠢᠶᠡᠨ ᠪᠠᠶᠢᠨ᠎ᠠ᠃