ᠳᠤᠮᠳᠠᠭᠤᠪᠢ ᠠᠶᠢᠮᠠᠭ ᠨᠣᠭᠣᠭᠠᠨ ᠪᠠᠶᠢᠭᠤᠯᠤᠮᠵᠢ ᠶᠢ ᠨᠡᠮᠡᠭᠳᠡᠭᠦᠯᠬᠦ᠂ ᠬᠦᠨᠡᠰᠦᠨ ᠦ ᠨᠣᠭᠣᠭᠠᠨ ᠤ ᠲᠥᠷᠥᠯ ᠰᠤᠷᠲ ᠲᠠᠷᠢᠶᠠᠯᠠᠬᠤ ᠴᠢᠭᠯᠡᠯ ᠢᠶᠡᠷ ᠶᠠᠫᠣᠨ ᠤᠯᠤᠰ ᠤᠨ ᠬᠥᠷᠥᠩᠭᠡ ᠣᠷᠣᠭᠤᠯᠤᠯᠲᠠ ᠲᠠᠢ 《ᠮᠣᠷᠠ ᠵᠢᠢ ᠡᠧᠢ》ᠭᠷᠦ᠋ᠫ ᠲᠡᠢ ᠬᠠᠮᠲᠤᠷᠠᠨ ᠠᠵᠢᠯᠯᠠᠬᠤ ᠪᠠᠷ ᠪᠣᠯᠤᠯ᠎ᠠ᠃ ᠲᠣᠳᠣᠷᠠᠭᠤᠯᠪᠠᠯ᠂ ᠠᠶᠢᠮᠠᠭ ᠤᠨ ᠵᠠᠰᠠᠭ ᠳᠠᠷᠤᠭ᠎ᠠ ᠼ ∙ ᠮᠥᠩᠬᠡᠪᠠᠲᠤ ᠲᠤᠰ ᠭᠷᠦ᠋ᠫ ᠦᠨ ᠲᠥᠰᠥᠯ ᠦᠨ ᠰᠠᠨᠠᠭᠠᠴᠢᠯᠠᠭᠴᠢ᠂ ᠵᠥᠪᠯᠡᠬᠦ ᠶᠣᠺᠣᠵᠦᠮᠢ ᠶᠣᠰᠢᠶᠤᠶᠢᠺᠢ ᠨᠠᠷ ᠬᠠᠮᠲᠤᠷᠠᠨ ᠠᠵᠢᠯᠯᠠᠬᠤ ᠰᠠᠨᠠᠮᠵᠢ ᠪᠢᠴᠢᠭ ᠪᠠᠶᠢᠭᠤᠯᠵᠠᠢ᠃
ᠵᠢᠷᠭᠤᠳᠤᠭᠠᠷ ᠰᠠᠷ᠎ᠠ ᠶᠢᠨ 22 ᠳᠦ ᠮᠠᠨᠳᠤᠯᠭᠤᠪᠢ ᠬᠤᠲᠠ ᠳᠤ ᠪᠣᠯᠤᠭᠰᠠᠨ 《ᠨᠡᠭᠡᠭᠡᠯᠲᠡ ᠲᠡᠢ ᠳᠤᠮᠳᠠᠭᠤᠪᠢ》 ᠬᠥᠷᠥᠩᠭᠡ ᠣᠷᠣᠭᠤᠯᠤᠯᠲᠠ ᠶᠢᠨ ᠴᠢᠭᠤᠯᠭ᠎ᠠ ᠠᠭᠤᠯᠵᠠᠯᠲᠠ ᠶᠢᠨ ᠦᠶ᠎ᠡ ᠪᠡᠷ МОРА ᠲᠥᠷᠥ ᠶᠢᠨ ᠪᠤᠰᠤ ᠪᠠᠶᠢᠭᠤᠯᠤᠯᠭ᠎ᠠ ᠠᠴᠠ ᠮᠣᠩᠭᠣᠯ ᠤᠯᠤᠰ ᠲᠤ ᠬᠡᠷᠡᠭᠵᠢᠭᠦᠯᠵᠦ ᠪᠤᠢ ᠲᠥᠰᠥᠯ ᠦᠳ ᠢᠶᠡᠨ ᠲᠠᠨᠢᠯᠴᠠᠭᠤᠯᠵᠤ᠂ ᠬᠡᠯᠡᠯᠴᠡᠭᠦᠯᠭᠡ ᠶᠢᠨ ᠦᠶ᠎ᠡ ᠪᠡᠷ ᠶᠠᠫᠣᠨ ᠲᠧᠭᠨᠣᠯᠣᠭᠢ ᠳᠤ ᠰᠠᠭᠤᠷᠢᠯᠠᠭᠰᠠᠨ ᠡᠷᠡᠭᠦᠯ ᠣᠷᠭᠠᠨᠢᠭ ᠪᠦᠲᠦᠭᠡᠭᠳᠡᠬᠦᠨ ᠲᠠᠷᠢᠶᠠᠯᠠᠵᠤ᠂ ᠡᠺᠰᠫᠣᠷᠲᠯᠠᠬᠤ ᠴᠢᠭᠯᠡᠯ ᠢᠶᠡᠷ ᠬᠠᠮᠲᠤᠷᠠᠨ ᠠᠵᠢᠯᠯᠠᠬᠤ ᠲᠠᠯ᠎ᠠ ᠪᠠᠷ ᠶᠠᠷᠢᠯᠴᠠᠭᠰᠠᠨ ᠤ ᠦᠷ᠎ᠡ ᠳ᠋ᠦᠩ ᠳᠦ ᠡᠶᠢᠨᠬᠦᠦ ᠬᠠᠮᠲᠤᠷᠠᠨ ᠠᠵᠢᠯᠯᠠᠬᠤ ᠪᠠᠷ ᠪᠣᠯᠵᠠᠢ᠃