ᠵᠠᠰᠠᠭ ᠤᠨ ᠭᠠᠵᠠᠷ ᠤᠨ ᠡᠭᠡᠯᠵᠢᠲᠦ ᠬᠤᠷᠠᠯᠳᠤᠭᠠᠨ ᠳᠣᠯᠣᠳᠤᠭᠠᠷ ᠰᠠᠷ᠎ᠠ ᠶᠢᠨ 19 ᠳᠤ ᠪᠣᠯᠵᠤ᠂ 2023-2024 ᠣᠨ ᠤ ᠡᠪᠦᠯ᠂ ᠬᠠᠪᠤᠷ ᠤᠨ ᠪᠡᠯᠡᠳᠬᠡᠯ ᠠᠵᠢᠯ ᠢ ᠡᠷᠴᠢᠮᠵᠢᠭᠦᠯᠬᠦ ᠲᠤᠬᠠᠢ ᠶᠡᠷᠦᠩᠬᠡᠢ ᠰᠠᠶᠢᠳ ᠤᠨ ᠠᠯᠪᠠᠨ ᠳᠠᠭᠠᠭᠠᠯᠭᠠᠪᠤᠷᠢ ᠭᠠᠷᠤᠯ᠎ᠠ᠃
ᠠᠯᠪᠠᠨ ᠳᠠᠭᠠᠭᠠᠯᠭᠠᠪᠤᠷᠢ ᠶᠢᠨ ᠬᠡᠷᠡᠭᠵᠢᠯᠲᠡ ᠶᠢ 《ᠬᠥᠳᠡᠭᠡ ᠠᠵᠤ ᠠᠬᠤᠢ ᠶᠢᠨ ᠰᠠᠯᠪᠤᠷᠢ ᠶᠢᠨ 2023-2024 ᠣᠨ ᠤ ᠡᠪᠦᠯᠵᠢᠯᠲᠡ᠂ ᠬᠠᠪᠤᠷᠵᠢᠯᠲᠠ ᠶᠢᠨ ᠪᠡᠯᠡᠳᠬᠡᠯ ᠬᠠᠩᠭᠠᠬᠤ ᠵᠠᠷᠢᠮ ᠠᠷᠭ᠎ᠠ ᠬᠡᠮᠵᠢᠶᠡᠨ ᠦ ᠲᠤᠬᠠᠢ》 ᠵᠠᠰᠠᠭ ᠤᠨ ᠭᠠᠵᠠᠷ ᠤᠨ ᠲᠣᠭᠲᠠᠭᠠᠯ ᠤᠨ ᠬᠡᠷᠡᠭᠵᠢᠯᠲᠡ ᠶᠢᠨ ᠬᠠᠮᠲᠤ ᠵᠠᠰᠠᠭ ᠤᠨ ᠭᠠᠵᠠᠷ ᠤᠨ ᠬᠤᠷᠠᠯᠳᠤᠭᠠᠨ ᠳᠤ ᠲᠠᠨᠢᠯᠴᠠᠭᠤᠯᠬᠤ ᠶᠢ ᠬᠦᠨᠡᠰᠦ᠂ ᠬᠥᠳᠡᠭᠡ ᠠᠵᠤ ᠠᠬᠤᠢ᠂ ᠬᠥᠩᠭᠡᠨ ᠦᠢᠯᠡᠳᠪᠦᠷᠢ ᠶᠢᠨ ᠰᠠᠶᠢᠳ ᠬ ∙ ᠪᠣᠯᠣᠷᠴᠢᠯᠠᠭᠤᠨ ᠳᠤ ᠳᠠᠭᠠᠭᠠᠯᠭᠠᠪᠠ᠃
ᠮᠥᠨ ᠴᠠᠭ ᠠᠭᠠᠷ ᠤᠨ ᠠᠶᠤᠯ ᠲᠠᠢ ᠦᠵᠡᠭᠳᠡᠯ ᠦᠨ ᠦᠶ᠎ᠡ ᠳᠦ ᠬᠦᠮᠦᠨ ᠠᠮᠠ᠂ ᠡᠳ᠋ ᠬᠥᠷᠥᠩᠭᠡ ᠶᠢ ᠡᠷᠡᠰᠳᠡᠯ ᠡᠴᠡ ᠬᠠᠮᠠᠭᠠᠯᠠᠬᠤ᠂ ᠤᠴᠠᠷᠠᠭᠰᠠᠨ ᠬᠣᠬᠢᠷᠠᠯ ᠢ ᠴᠠᠭ ᠠᠯᠠᠳᠠᠯ ᠦᠭᠡᠢ ᠲᠦᠷᠭᠡᠨ ᠰᠢᠭᠤᠷᠬᠠᠢ ᠦᠨᠡᠯᠡᠬᠦ᠂ ᠬᠠᠷᠢᠭᠤ ᠠᠷᠭ᠎ᠠ ᠬᠡᠮᠵᠢᠶᠡᠨ ᠦ ᠲᠥᠯᠥᠪᠯᠡᠯᠲᠡ ᠬᠢᠵᠦ᠂ ᠵᠠᠰᠠᠭ ᠤᠨ ᠭᠠᠵᠠᠷ ᠤᠨ ᠬᠤᠷᠠᠯᠳᠤᠭᠠᠨ ᠳᠤ ᠲᠠᠨᠢᠯᠴᠠᠭᠤᠯᠵᠤ᠂ ᠰᠢᠢᠳᠪᠦᠷᠢᠯᠡᠭᠦᠯᠬᠦ ᠶᠢ ᠮᠣᠩᠭᠣᠯ ᠤᠯᠤᠰ ᠤᠨ ᠰᠢᠳᠠᠷ ᠰᠠᠶᠢᠳ ᠰ ∙ ᠠᠮᠤᠷᠰᠠᠶᠢᠬᠠᠨ ᠳᠤ᠂
ᠴᠠᠭ ᠠᠭᠤᠷ ᠤᠨ ᠤᠷᠢᠳᠴᠢᠯᠠᠭᠰᠠᠨ ᠮᠡᠳᠡᠭᠡᠨ ᠳᠦ ᠲᠤᠯᠭᠠᠭᠤᠷᠢᠯᠠᠨ ᠡᠪᠦᠯ᠂ ᠬᠠᠪᠤᠷ ᠤᠨ ᠤᠯᠠᠷᠢᠯ ᠤᠨ ᠪᠡᠯᠴᠢᠭᠡᠷ ᠦᠨ ᠳᠠᠭᠠᠭᠠᠴᠠ ᠶᠢ ᠪᠣᠳᠠᠲᠠᠢ ᠲᠣᠭᠲᠠᠭᠠᠬᠤ᠂ ᠴᠠᠭ ᠠᠭᠤᠷ᠂ ᠣᠷᠴᠢᠨ ᠤ ᠠᠶᠤᠯ ᠲᠠᠢ᠂ ᠭᠠᠮᠰᠢᠭᠲᠤ ᠦᠵᠡᠭᠳᠡᠯ ᠦᠨ ᠤᠷᠢᠳᠴᠢᠯᠠᠨ ᠰᠡᠷᠭᠡᠶᠢᠯᠡᠬᠦ ᠮᠡᠳᠡᠭᠡ ᠶᠢ ᠢᠷᠭᠡᠳ᠂ ᠮᠠᠯᠴᠢᠳ ᠲᠤ ᠲᠦᠷᠭᠡᠨ ᠰᠢᠭᠤᠷᠬᠠᠢ ᠬᠦᠷᠭᠡᠬᠦ᠂ ᠭᠣᠪᠢ ᠶᠢᠨ ᠪᠦᠰᠡ ᠨᠤᠲᠤᠭ ᠲᠤ ᠡᠭᠦᠯᠡᠨ ᠳᠦ ᠵᠣᠷᠢᠭᠤᠳᠠ ᠪᠠᠷ ᠨᠥᠯᠦᠭᠡᠯᠡᠬᠦ ᠠᠷᠭ᠎ᠠ ᠬᠡᠮᠵᠢᠶ᠎ᠡ ᠠᠪᠴᠤ ᠬᠡᠷᠡᠭᠵᠢᠭᠦᠯᠬᠦ ᠶᠢ ᠪᠠᠶᠢᠭᠠᠯᠢ ᠣᠷᠴᠢᠨ᠂ ᠠᠶᠠᠯᠠᠯ ᠵᠢᠭᠤᠯᠴᠢᠯᠠᠯ ᠤᠨ ᠰᠠᠶᠢᠳ ᠪ ∙ ᠪᠠᠲᠤ-ᠡᠷᠳᠡᠨᠢ ᠳᠦ᠂
ᠴᠠᠭ ᠠᠭᠠᠷ ᠤᠨ ᠬᠦᠨᠳᠦᠷᠡᠯᠲᠡᠢ ᠨᠥᠬᠥᠴᠡᠯ ᠡᠴᠡ ᠰᠢᠯᠲᠠᠭᠠᠯᠠᠵᠤ᠂ ᠵᠠᠮ ᠳᠠᠪᠠᠭ᠎ᠠ ᠬᠠᠭᠠᠭᠳᠠᠬᠤ᠂ ᠬᠠᠯᠲᠤᠷᠢᠭᠠᠨ ᠭᠤᠯᠭᠤᠭ᠎ᠠ ᠡᠭᠦᠰᠬᠦ ᠡᠷᠡᠰᠳᠡᠯ ᠡᠴᠡ ᠤᠷᠢᠳᠴᠢᠯᠠᠨ ᠰᠡᠷᠭᠡᠶᠢᠯᠡᠬᠦ᠂ ᠬᠠᠷᠢᠭᠤ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠬᠤ᠂ ᠮᠠᠰᠢᠨ ᠲᠡᠷᠭᠡ᠂ ᠲᠧᠭᠨᠢᠭ ᠲᠣᠨᠣᠭ ᠲᠥᠬᠥᠭᠡᠷᠦᠮᠵᠢ ᠶᠢᠨ ᠪᠡᠯᠡᠨ ᠪᠠᠶᠢᠳᠠᠯ ᠢ ᠬᠠᠩᠭᠠᠬᠤ ᠶᠢ ᠵᠠᠮ ᠲᠡᠭᠡᠭᠡᠪᠦᠷᠢ ᠶᠢᠨ ᠬᠥᠭᠵᠢᠯ ᠦᠨ ᠰᠠᠶᠢᠳ ᠰ ∙ ᠪᠢᠮᠪᠠᠴᠣᠭᠲᠣ ᠳᠦ ᠲᠤᠰ ᠲᠤᠰ ᠡᠭᠦᠷᠭᠡ ᠪᠣᠯᠭᠠᠯ᠎ᠠ᠃