ᠮᠣᠩᠭᠣᠯ ᠤᠯᠤᠰ᠂ ᠧᠦ᠋ᠷᠣᠫᠠ ᠶᠢᠨ ᠬᠣᠯᠪᠣᠭ᠎ᠠ ᠶᠢᠨ ᠬᠦᠮᠦᠨ ᠦ ᠡᠷᠬᠡ ᠶᠢᠨ ᠠᠰᠠᠭᠤᠳᠠᠯ ᠤᠨ ᠡᠭᠡᠯᠵᠢᠲᠦ ᠵᠢᠷᠭᠤᠭᠠᠳᠠᠬᠢ ᠤᠳᠠᠭ᠎ᠠ ᠶᠢᠨ ᠶᠠᠷᠢᠶ᠎ᠠ ᠬᠡᠯᠡᠯᠴᠡᠭᠡ 7 ᠳ᠋ᠤᠭᠠᠷ ᠰᠠᠷ᠎ᠠ ᠶᠢᠨ 18 ᠤ ᠡᠳᠦᠷ ᠴᠠᠬᠢᠮ ᠢᠶᠠᠷ ᠵᠣᠬᠢᠶᠠᠨ ᠪᠠᠶᠢᠭᠤᠯᠤᠭᠳᠠᠪᠠ᠃
ᠶᠠᠷᠢᠶ᠎ᠠ ᠬᠡᠯᠡᠯᠴᠡᠭᠡ ᠶᠢ ᠮᠣᠩᠭᠣᠯ ᠤᠨ ᠲᠠᠯ᠎ᠠ ᠠᠴᠠ ᠭᠠᠳᠠᠭᠠᠳᠤ ᠬᠠᠷᠢᠯᠴᠠᠭᠠᠨ ᠤ ᠶᠠᠮᠤᠨ ᠤ ᠣᠯᠠᠨ ᠤᠯᠤᠰ ᠤᠨ ᠭᠡᠷ᠎ᠡ᠂ ᠡᠷᠬᠡ ᠵᠦᠢ ᠶᠢᠨ ᠭᠠᠵᠠᠷ ᠤᠨ ᠬᠦᠮᠦᠨ ᠦ ᠡᠷᠬᠡ ᠶᠢᠨ ᠬᠡᠯᠲᠡᠰ ᠦᠨ ᠳᠠᠷᠤᠭ᠎ᠠ ᠼ ∙ ᠨᠠᠪᠴᠢ ᠂ ᠧᠦ᠋ᠷᠣᠫᠠ ᠶᠢᠨ ᠬᠣᠯᠪᠣᠭ᠎ᠠ ᠶᠢᠨ ᠲᠠᠯ᠎ᠠ ᠠᠴᠠ ᠧᠦ᠋ᠷᠣᠫᠠ ᠶᠢᠨ ᠬᠣᠯᠪᠣᠭ᠎ᠠ ᠶᠢᠨ ᠭᠠᠳᠠᠭᠠᠳᠤ ᠬᠠᠷᠢᠯᠴᠠᠭᠠᠨ ᠤ ᠠᠯᠪᠠᠨ ᠤ ᠠᠽᠢᠶ᠎ᠠ᠂ ᠨᠣᠮᠣᠬᠠᠨ ᠳᠠᠯᠠᠢ ᠶᠢᠨ ᠣᠷᠣᠨ ᠨᠤᠭᠤᠳ ᠤᠨ ᠭᠠᠵᠠᠷ ᠤᠨ ᠮᠣᠩᠭᠣᠯ ᠢ ᠬᠠᠷᠢᠭᠤᠴᠠᠭᠰᠠᠨ ᠬᠡᠯᠲᠡᠰ ᠦᠨ ᠳᠡᠳ᠋ ᠳᠠᠷᠤᠭ᠎ᠠ ᠨᠢᠺᠣᠯᠧᠲ᠋ᠲ᠋ᠠ ᠫᠤᠰᠲ᠋ᠧᠷᠯᠠ ᠨᠠᠷ ᠳᠠᠷᠤᠭᠠᠯᠠᠵᠤ᠂ ᠬᠠᠤᠯᠢ ᠵᠦᠢ᠂ ᠳᠣᠲᠣᠭᠠᠳᠤ ᠬᠡᠷᠡᠭ ᠦᠨ ᠶᠠᠮᠤᠨ᠂ ᠬᠥᠳᠡᠯᠮᠦᠷᠢ᠂ ᠨᠡᠶᠢᠭᠡᠮ ᠤᠨ ᠬᠠᠮᠠᠭᠠᠯᠠᠯ ᠤᠨ ᠶᠠᠮᠤᠨ ᠤ ᠲᠥᠯᠥᠭᠡᠯᠡᠯ ᠣᠷᠣᠯᠴᠠᠯ᠎ᠠ᠃
ᠡᠭᠡᠯᠵᠢᠲᠦ ᠶᠠᠷᠢᠶ᠎ᠠ ᠬᠡᠯᠡᠯᠴᠡᠭᠡ ᠪᠡᠷ ᠡᠮᠦᠨᠡᠬᠢ ᠶᠠᠷᠢᠶ᠎ᠠ ᠬᠡᠯᠡᠯᠴᠡᠭᠡᠨ ᠡᠴᠡ ᠬᠣᠶᠢᠰᠢ ᠬᠦᠮᠦᠨ ᠦ ᠡᠷᠬᠡ ᠶᠢᠨ ᠴᠢᠭᠯᠡᠯ ᠢᠶᠡᠷ ᠭᠠᠷᠤᠭᠰᠠᠨ ᠠᠬᠢᠴᠠ ᠳᠡᠪᠰᠢᠯ᠂ ᠮᠣᠩᠭᠣᠯ ᠤᠯᠤᠰ ᠤᠨ ᠬᠦᠮᠦᠨ ᠦ ᠡᠷᠬᠡ ᠶᠢᠨ ᠲᠥᠯᠥᠪ ᠪᠠᠶᠢᠳᠠᠯ ᠤᠨ ᠢᠯᠡᠳᠬᠡᠯ ᠢ ᠬᠡᠯᠡᠯᠴᠡᠭᠦᠯᠦᠭᠰᠡᠨ ᠦ ᠮᠥᠷ ᠢᠶᠡᠷ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠬᠦᠮᠦᠨ ᠦ ᠡᠷᠬᠡ ᠶᠢᠨ ᠵᠥᠪᠯᠡᠯ ᠡᠴᠡ ᠥᠭᠭᠦᠭᠰᠡᠨ ᠵᠥᠪᠯᠡᠮᠵᠢ ᠶᠢᠨ ᠬᠡᠷᠡᠭᠵᠢᠯᠲᠡ ᠶᠢᠨ ᠶᠠᠪᠤᠴᠠ᠂ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠬᠦᠷᠢᠶᠡᠨ ᠳ᠋ᠡᠬᠢ ᠬᠣᠶᠠᠷ ᠲᠠᠯ᠎ᠠ ᠶᠢᠨ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠬᠡᠯᠡᠯᠴᠡᠵᠦ᠂ ᠬᠦᠮᠦᠨ ᠦ ᠡᠷᠬᠡ ᠶᠢᠨ ᠰᠠᠭᠤᠷᠢ ᠺᠣᠨᠸᠧᠨᠼ ᠤᠳ ᠤᠨ ᠬᠣᠷᠢᠶᠠᠨ ᠠᠴᠠ ᠥᠭᠭᠦᠭᠰᠡᠨ ᠵᠥᠪᠯᠡᠮᠵᠢ᠂ ᠧᠦ᠋ᠷᠣᠫᠠ ᠶᠢᠨ ᠬᠣᠯᠪᠣᠭ᠎ᠠ ᠶᠢᠨ ᠬᠥᠩᠭᠡᠯᠡᠯᠲᠡ ᠶᠢᠨ ᠶᠡᠷᠦᠩᠬᠡᠢ ᠰᠢᠰᠲ᠋ᠧᠮ︵GSP+︶ᠬᠥᠲᠥᠯᠪᠦᠷᠢ ᠳᠦ ᠬᠠᠮᠤᠷᠤᠭᠳᠠᠬᠤ ᠦᠨᠳᠦᠰᠦᠨ ᠰᠢᠯᠭᠠᠭᠤᠷ ᠪᠣᠯᠤᠨ ᠪᠢᠽᠢᠨᠧᠰ ᠪᠠ ᠬᠦᠮᠦᠨ ᠦ ᠡᠷᠬᠡ ᠵᠡᠷᠭᠡ ᠥᠷᠭᠡᠨ ᠬᠦᠷᠢᠶ᠎ᠡ ᠲᠡᠢ ᠠᠰᠠᠭᠤᠳᠠᠯ ᠢᠶᠠᠷ ᠮᠡᠳᠡᠭᠡᠯᠡᠯ᠂ ᠰᠠᠨᠠᠯ ᠰᠤᠯᠢᠯᠴᠠᠪᠠ᠃