ᠮᠣᠩᠭᠣᠯ ᠤᠯᠤᠰ ᠲᠤ ᠮᠣᠩᠭᠣᠯ᠂ ᠡᠨᠡᠳᠬᠡᠭ ᠦᠨ ᠪᠠᠲᠤᠯᠠᠨ ᠬᠠᠮᠠᠭᠠᠯᠠᠬᠤ ᠰᠠᠯᠪᠤᠷᠢ ᠶᠢᠨ ᠬᠠᠮᠲᠤ ᠶᠢᠨ ᠠᠵᠢᠯᠯᠠᠭ᠎ᠠ ᠶᠢ ᠤᠯᠠᠮ ᠥᠷᠭᠡᠵᠢᠭᠦᠯᠦᠨ ᠬᠥᠭᠵᠢᠭᠦᠯᠬᠦ ᠵᠣᠷᠢᠯᠭ᠎ᠠ ᠪᠠᠷ《ᠨᠡᠭᠦᠳᠡᠯᠴᠢᠨ ᠵᠠᠭᠠᠨ》ᠴᠡᠷᠢᠭ ᠦᠨ ᠰᠤᠷᠭᠠᠭᠤᠯᠢᠯᠲᠠ ᠶᠢ 7 ᠳ᠋ᠤᠭᠠᠷ ᠰᠠᠷ᠎ᠠ ᠶᠢᠨ 17-31 ᠳᠦ ᠵᠣᠬᠢᠶᠠᠨ ᠪᠠᠶᠢᠭᠤᠯᠵᠤ ᠪᠠᠶᠢᠨ᠎ᠠ᠃
ᠬᠣᠶᠠᠷ ᠲᠠᠯ᠎ᠠ ᠶᠢᠨ ᠴᠡᠷᠢᠭ ᠦᠨ ᠬᠠᠮᠲᠤᠷᠠᠭᠰᠠᠨ 15 ᠳ᠋ᠠᠬᠢ ᠤᠳᠠᠭ᠎ᠠ ᠶᠢᠨ ᠰᠤᠷᠭᠠᠭᠤᠯᠢᠯᠲᠠ ᠶᠢᠨ ᠨᠡᠭᠡᠭᠡᠯᠲᠡ ᠳᠦ ᠮᠣᠩᠭᠣᠯ ᠤᠯᠤᠰ ᠤᠨ ᠪᠠᠲᠤᠯᠠᠨ ᠬᠠᠮᠠᠭᠠᠯᠠᠬᠤ ᠶᠢᠨ ᠰᠠᠶᠢᠳ ᠭᠧᠨᠧᠷᠠᠯ ᠭ ∙ ᠰᠠᠶᠢᠬᠠᠨᠪᠠᠶᠠᠷ᠂ ᠡᠯᠴᠢᠨ ᠰᠠᠶᠢᠳ ᠮ ∙ᠫ∙ᠰᠢᠩᠾ ᠤᠷᠤᠯᠴᠠᠪᠠ᠃ ᠡᠯᠴᠢᠨ ᠰᠠᠶᠢᠳ ᠮ∙ᠫ∙ᠰᠢᠩᠾ ᠡᠨᠡᠳᠬᠡᠭ ᠦᠨ ᠪᠠᠲᠤᠯᠠᠨ ᠬᠠᠮᠠᠭᠠᠯᠠᠬᠤ ᠶᠢᠨ ᠰᠠᠶᠢᠳ ᠤᠨ ᠨᠡᠷ᠎ᠡ ᠶᠢᠨ ᠡᠮᠦᠨ᠎ᠡ ᠡᠴᠡ ᠮᠣᠩᠭᠣᠯ ᠤᠯᠤᠰ ᠤᠨ ᠵᠡᠪᠰᠡᠭᠲᠦ ᠬᠦᠴᠦᠨ ᠳᠦ ᠡᠨᠡᠳᠬᠡᠭ ᠲᠦ ᠦᠢᠯᠡᠳᠪᠦᠷᠢᠯᠡᠭᠰᠡᠨ ᠲᠦᠷᠭᠡᠨ ᠲᠤᠰᠠᠯᠠᠮᠵᠢ ᠶᠢᠨ ᠬᠣᠶᠠᠷ ᠮᠠᠰᠢᠨ ᠲᠡᠷᠭᠡ᠂ ᠥᠨᠳᠥᠷ ᠠᠭᠤᠯᠠ ᠶᠢᠨ ᠲᠤᠰᠬᠠᠢ ᠵᠣᠷᠢᠭᠤᠯᠤᠯᠲᠠ ᠶᠢᠨ ᠡᠪᠦᠯ ᠦᠨ 200 ᠰᠢᠷᠬᠡᠭ ᠬᠤᠪᠴᠠᠰᠤ ᠭᠠᠷᠳᠠᠭᠤᠯᠤᠨ ᠥᠭᠴᠦ᠂ ᠡᠨᠡ ᠬᠦ ᠬᠣᠶᠠᠷ ᠲᠠᠯ᠎ᠠ ᠶᠢᠨ ᠰᠤᠷᠭᠠᠯᠲᠠ ᠠᠮᠵᠢᠯᠲᠠ ᠲᠠᠢ ᠪᠣᠯᠤᠨ᠎ᠠ ᠭᠡᠳᠡᠭ ᠲᠦ ᠢᠲᠡᠭᠡᠯ ᠲᠡᠢ ᠪᠠᠶᠢᠭ᠎ᠠ ᠪᠠᠨ ᠢᠯᠡᠷᠬᠡᠶᠢᠯᠡᠪᠡ᠃
ᠵᠡᠪᠰᠡᠭᠲᠦ ᠬᠦᠴᠦᠨ ᠦ ᠡᠶᠡᠷᠭᠦ ᠬᠠᠷᠢᠯᠴᠠᠭ᠎ᠠ ᠶᠢ ᠪᠡᠬᠢᠵᠢᠭᠦᠯᠬᠦ᠂ ᠰᠠᠶᠢᠨ ᠲᠤᠷᠰᠢᠯᠭ᠎ᠠ ᠰᠤᠯᠢᠯᠴᠠᠬᠤ᠂ ᠬᠠᠮᠲᠤ ᠶᠢᠨ ᠠᠵᠢᠯᠯᠠᠭ᠎ᠠ᠂ ᠨᠥᠬᠥᠷᠯᠡᠯ᠂ ᠨᠠᠶᠢᠷᠠᠮᠳᠠᠯᠲᠤ ᠬᠠᠷᠢᠯᠴᠠᠭ᠎ᠠ ᠶᠢ ᠬᠥᠭᠵᠢᠭᠦᠯᠬᠦ ᠵᠣᠷᠢᠯᠭ᠎ᠠ ᠪᠠᠷ ᠵᠢᠯ ᠪᠦᠷᠢ ᠵᠣᠬᠢᠶᠠᠨ ᠪᠠᠶᠢᠭᠤᠯᠳᠠᠭ ᠡᠨᠡ ᠬᠦ ᠰᠤᠷᠭᠠᠭᠤᠯᠢᠯᠲᠠ ᠳᠤ ᠮᠣᠩᠭᠣᠯ ᠤᠯᠤᠰ ᠤᠨ ᠵᠡᠪᠰᠡᠭᠲᠦ ᠬᠦᠴᠦᠨ ᠦ 70 ᠣᠷᠴᠢᠮ ᠴᠡᠷᠢᠭ᠂ ᠵᠠᠮᠮᠤ᠂ ᠺᠠᠱᠮᠢᠷ ᠤᠨ ᠶᠠᠪᠠᠭᠠᠨ 43 ᠴᠡᠷᠢᠭ ᠦᠨ ᠪᠡᠶ᠎ᠡ ᠪᠦᠷᠢᠯᠳᠦᠬᠦᠨ ᠣᠷᠣᠯᠴᠠᠵᠤ ᠪᠠᠶᠢᠨ᠎ᠠ᠃
《ᠨᠡᠭᠦᠳᠡᠯᠴᠢᠨ ᠵᠠᠭᠠᠨ》 ᠨᠢ ᠵᠢᠯ ᠪᠦᠷᠢ ᠮᠣᠩᠭᠣᠯ᠂ ᠡᠨᠡᠳᠬᠡᠭ ᠤᠯᠤᠰ ᠲᠤ ᠵᠣᠬᠢᠶᠠᠨ ᠪᠠᠶᠢᠭᠤᠯᠳᠠᠭ ᠰᠤᠷᠭᠠᠯᠲᠠ᠂ ᠲᠤᠷᠰᠢᠯᠭ᠎ᠠ ᠰᠤᠯᠢᠯᠴᠠᠬᠤ ᠳᠠᠰᠬᠠᠯ ᠰᠤᠷᠭᠠᠭᠤᠯᠢᠯᠲᠠ ᠶᠤᠮ᠃ ᠬᠠᠮᠤᠭ ᠤᠨ ᠰᠡᠭᠦᠯ ᠳᠦ 2019 ᠣᠨ ᠤ 10 ᠳ᠋ᠤᠭᠠᠷ ᠰᠠᠷ᠎ᠠ ᠳᠤ ᠡᠨᠡᠳᠬᠡᠭ ᠤᠨ ᠲᠤᠰᠬᠠᠢ ᠬᠦᠴᠦᠨ ᠦ ᠰᠤᠷᠭᠠᠯᠲᠠ ᠶᠢᠨ ᠰᠤᠷᠭᠠᠭᠤᠯᠢ ᠳᠤ ᠪᠣᠯᠤᠭᠰᠠᠨ᠃