《 ᠮᠢᠰᠰ ᠮᠣᠩᠭᠣᠯᠢᠶᠠ-2005》ᠲᠡᠮᠡᠴᠡᠭᠡᠨ ᠦ ᠲᠡᠷᠢᠭᠦᠨ ᠪ ∙ ᠭᠠᠩᠲᠤᠭᠤᠭ᠎ᠠ ᠰᠤᠶᠤᠯ ᠤᠨ ᠡᠯᠴᠢ ᠪᠣᠯᠵᠠᠢ᠃ ᠲᠡᠷᠡᠪᠡᠷ ᠣᠳᠣ 《 ᠮᠢᠰᠰ ᠮᠣᠩᠭᠣᠯ》ᠠᠶᠠᠯᠠᠯ ᠵᠢᠭᠤᠯᠴᠢᠯᠠᠯ ᠤᠨ ᠬᠣᠯᠪᠣᠭᠠᠨ ᠤ ᠲᠡᠷᠢᠭᠦᠨ ᠢᠶᠡᠷ ᠠᠵᠢᠯᠯᠠᠵᠤ᠂ ᠮᠣᠩᠭᠣᠯ ᠤᠯᠤᠰ ᠢᠶᠠᠨ ᠣᠯᠠᠨ ᠤᠯᠤᠰ ᠲᠤ ᠰᠤᠷᠲᠠᠯᠴᠢᠯᠠᠵᠤ ᠪᠤᠢ ᠶᠤᠮ᠃ ᠪ ∙ ᠭᠠᠩᠲᠣᠭᠣᠭ᠎ᠠ 2010 ᠣᠨ ᠳᠤ 《ᠡᠬᠡ ᠳᠡᠯᠡᠬᠡᠢ ᠶᠢᠨ ᠮᠢᠰᠰ》ᠲᠡᠮᠡᠴᠡᠭᠡᠨ ᠳᠦ ᠮᠣᠩᠭᠣᠯ ᠤᠯᠤᠰ ᠢᠶᠠᠨ ᠲᠥᠯᠥᠭᠡᠯᠡᠨ ᠠᠮᠵᠢᠯᠲᠠᠲᠠᠢ ᠣᠷᠣᠯᠴᠠᠵᠤ ᠪᠠᠶᠢᠭᠰᠠᠨ ᠪᠠ《 ᠮᠢᠰᠰ ᠮᠣᠩᠭᠣᠯᠢᠶᠠ-2005》ᠲᠡᠮᠡᠴᠡᠭᠡᠨ ᠦ ᠲᠡᠷᠢᠭᠦᠨ ᠪᠠᠶᠢᠷᠢ ᠶᠢᠨ ᠱᠠᠩᠨᠠᠯᠲᠤ ᠮᠢᠰᠰ ᠪᠦᠰᠡᠭᠦᠢ ᠪᠤᠯᠵᠤ᠂ ᠳᠡᠯᠡᠬᠡᠢ ᠶᠢᠨ ᠮᠢᠰᠰ ᠲᠤ ᠥᠷᠢᠰᠦᠯᠳᠦᠭᠰᠡᠨ ᠰᠠᠶᠢᠬᠠᠨ ᠪᠦᠰᠡᠭᠦᠶᠢᠴᠦᠳ ᠢ ᠡᠬᠡ ᠣᠷᠣᠨ ᠳᠤ ᠪᠠᠨ ᠤᠷᠢᠵᠤ᠂ ᠬᠦᠮᠦᠯᠢᠭ ᠦᠨ ᠦᠢᠯᠡᠰ ᠲᠦ ᠤᠷᠢᠶᠠᠯᠠᠵᠤ ᠶᠠᠪᠤᠭᠰᠠᠨ᠃
ᠮᠥᠨ ᠲᠡᠷᠡᠪᠡᠷ 2011 ᠣᠨ ᠳᠤ 《ᠪᠠᠶᠢᠭᠠᠯᠢ ᠳᠤ ᠡᠭᠡᠯᠢ ᠲᠡᠢ ᠳᠡᠯᠡᠬᠡᠢ ᠶᠢᠨ ᠡᠯᠴᠢ》 ᠪᠡᠷ ᠲᠣᠳᠣᠷᠠᠵᠤ ᠪᠠᠶᠢᠭᠰᠠᠨ ᠤᠳᠠᠭ᠎ᠠ ᠲᠠᠢ᠃