ᠬᠦᠨᠡᠰᠦᠨ ᠦ ᠠᠰᠠᠭᠤᠳᠠᠯ ᠤᠨ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠳᠡᠭᠡᠳᠦ ᠬᠡᠮᠵᠢᠶᠡᠨ ᠦ ᠠᠭᠤᠯᠵᠠᠯᠲᠠ ᠢᠲ᠋ᠠᠯᠢ ᠤᠯᠤᠰ ᠤᠨ ᠨᠡᠶᠢᠰᠯᠡᠯ ᠷᠣᠮ ᠬᠤᠲᠠ ᠳᠤ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠬᠦᠨᠡᠰᠦ᠂ ᠬᠥᠳᠡᠭᠡ ᠠᠵᠤ ᠠᠬᠤᠢ ᠶᠢᠨ ᠪᠠᠶᠢᠭᠤᠯᠤᠯᠭ᠎ᠠ ᠶᠢᠨ ᠲᠥᠪ ᠪᠠᠶᠢᠷᠢᠨ ᠳᠤ 07 ᠳ᠋ᠤᠭᠠᠷ ᠰᠠᠷ᠎ᠠ ᠶᠢᠨ 24 ᠦ ᠡᠳᠦᠷ ᠡᠬᠢᠯᠡᠵᠡᠢ᠃
ᠠᠭᠤᠯᠵᠠᠯᠲᠠ ᠶᠢ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠠᠨᠲ᠋ᠤᠨᠢᠤ᠋ ᠭᠤᠲ᠋ᠧᠷᠷᠧᠱ ᠤᠨ ᠰᠠᠨᠠᠭᠠᠴᠢᠯᠠᠭ᠎ᠠ ᠪᠠᠷ 2021 ᠣᠨ ᠳᠤ ᠨᠢᠦ᠋ ᠶᠤᠷᠺ ᠲᠤ ᠠᠩᠬ᠎ᠠ ᠤᠳᠠᠭ᠎ᠠ ᠵᠣᠬᠢᠶᠠᠨ ᠪᠠᠶᠢᠭᠤᠯᠵᠤ ᠪᠠᠶᠢᠭᠰᠠᠨ ᠶᠤᠮ᠃ ᠠᠨᠲ᠋ᠤᠨᠢᠤ᠋ ᠭᠤᠲ᠋ᠧᠷᠷᠧᠱ ᠡᠨᠡ ᠤᠳᠠᠭ᠎ᠠ ᠶᠢᠨ ᠠᠭᠤᠯᠵᠠᠯᠲᠠ ᠳᠤ ᠮᠣᠩᠭᠣᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ ᠶᠢ ᠤᠷᠢᠭᠰᠠᠨ ᠪᠥᠭᠡᠳ ᠶᠡᠷᠦᠩᠬᠡᠶᠢᠯᠡᠭᠴᠢ ᠶᠢ ᠲᠥᠯᠥᠭᠡᠯᠡᠨ ᠶᠡᠷᠦᠩᠬᠡᠶᠢᠯᠡᠭᠴᠢ ᠶᠢᠨ ᠭᠠᠳᠠᠭᠠᠳᠤ ᠪᠣᠳᠣᠯᠭ᠎ᠠ ᠶᠢᠨ ᠵᠥᠪᠯᠡᠬᠦ ᠡ᠊∙ᠤᠳᠤᠪᠠᠶᠠᠷ ᠬᠣᠯᠪᠣᠭᠳᠠᠬᠤ ᠬᠤᠷᠠᠯᠳᠤᠭᠠᠨ ᠨᠤᠭᠤᠳ ᠲᠤ ᠣᠷᠣᠯᠴᠠᠵᠤ ᠪᠠᠶᠢᠨ᠎ᠠ᠃
ᠭᠤᠷᠪᠠᠨ ᠡᠳᠦᠷ ᠦᠷᠭᠦᠯᠵᠢᠯᠡᠬᠦ ᠡᠨᠡ ᠬᠦ ᠳᠡᠭᠡᠳᠦ ᠬᠡᠮᠵᠢᠶᠡᠨ ᠦ ᠠᠭᠤᠯᠵᠠᠯᠲᠠ ᠳᠤ 170 ᠣᠷᠴᠢᠮ ᠣᠷᠣᠨ ᠤ 2000 ᠣᠷᠴᠢᠮ ᠳᠡᠭᠡᠳᠦ᠂ ᠥᠨᠳᠥᠷ ᠲᠦᠪᠰᠢᠨ ᠦ ᠲᠥᠯᠥᠭᠡᠯᠡᠭᠴᠢ᠂ ᠣᠯᠠᠨ ᠤᠯᠤᠰ ᠤᠨ ᠪᠠᠶᠢᠭᠤᠯᠤᠯᠭ᠎ᠠ᠂ ᠢᠷᠭᠡᠨ ᠦ ᠨᠡᠶᠢᠭᠡᠮ ᠤᠨ ᠲᠥᠯᠥᠭᠡᠯᠡᠯ ᠣᠷᠣᠯᠴᠠᠵᠤ ᠪᠠᠶᠢᠨ᠎ᠠ᠃