︽ᠦᠨᠳᠦᠰᠦᠨ ᠦ ᠪᠠᠶᠠᠯᠢᠭ ᠤᠨ ᠰᠠᠩ ᠤᠨ ᠲᠤᠬᠠᠢ︾ᠬᠠᠤᠯᠢ ᠶᠢᠨ ᠲᠥᠰᠥᠯ ᠢ ᠪᠣᠯᠪᠠᠰᠤᠷᠠᠭᠤᠯᠬᠤ ᠠᠵᠢᠯ ᠤᠨ ᠬᠡᠰᠡᠭ ᠡᠨᠡ ᠰᠠᠷ᠎ᠠ ᠶᠢᠨ 24 ᠳᠦ ᠬᠤᠷᠠᠯᠳᠤᠵᠠᠢ᠃《ᠡᠷᠳᠡᠨᠢᠰ ᠮᠣᠩᠭᠣᠯ》ᠺᠣᠮᠫᠠᠨᠢ ᠶᠢᠨ ᠵᠠᠬᠢᠷᠤᠯ ᠰ ∙ ᠨᠠᠷᠠᠨᠴᠣᠭᠲᠤ ᠤᠭ ᠬᠠᠤᠯᠢ ᠶᠢᠨ ᠲᠥᠰᠥᠯ ᠢ ᠪᠣᠯᠪᠠᠰᠤᠷᠠᠭᠤᠯᠬᠤ ᠠᠵᠢᠯ ᠤᠨ ᠬᠡᠰᠡᠭ ᠢ ᠠᠬᠠᠯᠠᠭᠰᠠᠨ᠃ ᠲᠥᠰᠥᠯ ᠢ ᠤᠯᠤᠰ ᠤᠨ ᠶᠡᠬᠡ ᠬᠤᠷᠠᠯ ᠤᠨ ᠨᠠᠮᠤᠷ ᠤᠨ ᠴᠢᠭᠤᠯᠭᠠᠨ ᠢᠶᠠᠷ ᠬᠡᠯᠡᠯᠴᠡᠭᠦᠯᠦᠨ᠎ᠡ᠃
ᠦᠨᠳᠦᠰᠦᠨ ᠬᠠᠤᠯᠢ ᠳᠤ 2019 ᠣᠨ ᠳᠤ ᠣᠷᠣᠭᠰᠠᠨ ᠥᠭᠡᠷᠡᠴᠢᠯᠡᠯᠲᠡ ᠶᠢᠨ ᠳᠠᠭᠠᠤ ᠡᠷᠦᠳᠡᠰᠦ ᠪᠠᠶᠠᠯᠢᠭ ᠤᠨ ᠣᠷᠣᠯᠭ᠎ᠠ ᠶᠢ ᠢᠷᠭᠡᠨ ᠪᠦᠷᠢ ᠳᠦ ᠲᠡᠭᠰᠢ᠂ ᠦᠷ᠎ᠡ ᠦᠭᠭᠦᠭᠡᠵᠢ ᠲᠡᠢ ᠬᠦᠷᠲᠡᠭᠡᠬᠦ᠂ ᠬᠣᠶᠢᠴᠢ ᠦᠶ᠎ᠡ ᠳᠦ ᠪᠡᠨ ᠬᠤᠷᠠᠮᠳᠤᠯᠠᠯ ᠡᠭᠦᠰᠭᠡᠬᠦ᠂ ᠬᠥᠭᠵᠢᠯ ᠦᠨ ᠲᠣᠮᠣᠬᠠᠨ ᠲᠥᠰᠥᠯ ᠦᠳ ᠢᠶᠡᠨ ᠰᠠᠩᠬᠦᠵᠢᠭᠦᠯᠬᠦ ᠡᠬᠢ ᠡᠭᠦᠰᠪᠦᠷᠢ ᠶᠢ ᠪᠦᠷᠢᠳᠦᠭᠦᠯᠬᠦ ᠲᠤᠬᠠᠢ ᠵᠢᠭᠠᠭᠰᠠᠨ ᠪᠤᠯᠬᠤᠷ ᠡᠨᠡ ᠬᠠᠤᠯᠢ ᠶᠢ ᠪᠣᠯᠪᠠᠰᠤᠷᠠᠭᠤᠯᠵᠤ ᠪᠠᠶᠢᠨ᠎ᠠ᠃